微信打开
蒙古文网站Logo
ᠰᠢᠨᠬᠤᠸᠠ ᠮᠤᠩᠭ᠋ᠤᠯ ᠨᠧᠲ

ᠸᠧᠩ ᠭᠦᠸᠧ ᠰᠢᠩ ᠳᠦᠯᠦᠬᠡᠯᠡᠭᠴᠢ᠄ ᠡᠮ ᠤᠨ ᠦᠨ᠎ᠠ ᠶᠢ ᠪᠠᠭᠤᠷᠠᠭᠤᠯᠬᠤ ᠤᠷᠤᠨ ᠵᠠᠢ ᠶᠡᠭᠡ ᠪᠤᠢ

2016-03-08 09:05

    ᠲᠦᠯᠦᠭᠡᠯᠡᠭᠴᠢ ᠸᠧᠩ ᠭᠦᠸᠧ ᠰᠢᠩ ᠤᠨ ᠡᠮ ᠡᠮᠨᠡᠯᠭᠡ ᠶᠢᠨ ᠦᠭᠡᠷᠡᠴᠢᠯᠡᠯᠲᠡ ᠳᠤ ᠲᠠᠯᠪᠢᠵᠦ ᠪᠠᠶᠢᠭ᠎ᠠ ᠬᠦᠰᠡᠯ ᠡᠷᠡᠮᠠᠯᠵᠡᠯ

    《ᠡᠨᠡ ᠡᠲᠦᠷ ᠪᠢ ᠡᠮ ᠤᠨ ᠵᠦᠢᠯ ᠪᠤᠯᠤᠨ ᠬᠤᠷᠤᠭᠲᠠᠯ ᠮᠠᠲ᠋ᠧᠷᠢᠶᠠᠯ ᠤᠨ ᠦᠨ᠎ᠠ ᠬᠠᠩᠰᠢ ᠬᠡᠲᠦ ᠦᠨᠲᠦᠷ ᠪᠠᠶᠢᠬᠤ ᠲᠤᠬᠠᠢ ᠶᠠᠷᠢᠶ᠎ᠠ》 ᠬᠡᠵᠤ 5᠎ ᠤ ᠦᠲᠡ ᠶᠢᠨ ᠬᠤᠶᠢᠨ᠎ᠠ ᠪᠤᠯᠤᠭᠰᠠᠨ ᠹᠦᠵᠢᠶᠠᠠ ᠤ ᠲᠦᠯᠦᠭᠡᠯᠡᠭᠴᠢᠳ ᠤᠨ ᠪᠦᠯᠬᠦᠮ ᠤᠨ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠢ ᠬᠢᠨᠠᠠ ᠵᠦᠪᠯᠡᠬᠦ ᠬᠤᠷᠠᠯ ᠤᠨ ᠲᠠᠯᠠᠪᠠᠢ ᠳᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠹᠦᠵᠢᠶᠠᠠ ᠤ ᠮᠤᠵᠢ ᠠᠴᠠ ᠪᠠᠶᠢᠭᠤᠯᠤᠭᠰᠠᠠ ᠡᠮᠨᠡᠯᠭᠡ ᠶᠢᠨ ᠬᠤᠷᠢᠶᠠᠠ ᠤ ᠲᠡᠳ᠋ ᠲᠠᠷᠤᠭ᠎ᠠ ᠸᠧᠩ ᠭᠦᠸᠧ ᠰᠢᠩ ᠦᠭᠡ ᠪᠡᠨ ᠡᠬᠢᠯᠡᠬᠦᠯᠦᠯ᠎ᠡ᠃

    《ᠨᠢᠭᠡ ᠵᠢᠷᠦᠭᠡᠡ ᠡᠪᠡᠳᠴᠢᠨ ᠤ ᠭᠠᠲᠠᠷ ᠰᠠᠯᠠᠭᠠᠠ ᠤ ᠡᠮᠴᠢ ᠪᠤᠯᠤᠭᠰᠠᠠ ᠤ ᠬᠤᠪᠢ ᠳᠤ᠂ ᠪᠢ ᠨᠢᠭᠡ ᠵᠢᠱᠢᠶ᠎ᠠ ᠲᠠᠲᠠᠶ᠎ᠠ᠂ ᠭᠠᠲᠠᠭᠠᠲᠤ ᠠᠴᠠ ᠤᠷᠤᠭᠤᠯᠤᠭᠰᠠᠠ ᠠᠲᠠᠯᠢᠬᠠᠠ ᠨᠢᠭᠡ ᠵᠢᠷᠦᠭᠡᠡ ᠤ ᠮᠧᠬᠠᠨᠢᠭ ᠠᠨᠢᠪᠴᠢ ᠶᠢᠨ ᠠᠮᠧᠷᠢᠺᠠ ᠳ᠋ᠡᠬᠢ ᠦᠨ᠎ᠠ ᠨᠢ 700 ᠳ᠋ᠤᠯᠯᠠᠷ᠂ ᠡᠸᠦ᠋ᠷᠦᠫᠠ ᠳ᠋ᠡᠬᠢ ᠦᠨ᠎ᠠ ᠨᠢ 600 ᠡᠸᠦ᠋ᠷᠦᠫᠠ ᠵᠤᠭᠤᠰ᠂ ᠭᠡᠲᠡᠯ᠎ᠠ ᠮᠠᠠ ᠤ ᠤᠯᠤᠰ ᠤᠨ ᠮᠤᠵᠢ ᠬᠤᠲᠠ ᠶᠢᠨ ᠲᠠᠭᠠᠭᠠᠴᠢᠯᠠᠯᠲᠠ ᠵᠠᠷᠯᠠᠭᠰᠠᠠ ᠦᠨ᠎ᠠ 1.4 ᠲᠦᠮᠡ ᠠᠴᠠ 1.6 ᠲᠦᠮᠡᠡ ᠲᠦᠬᠦᠷᠢᠭ᠌ ᠤᠨ ᠬᠤᠭᠤᠷᠤᠨᠳᠤ ᠪᠠᠶᠢᠨ᠎ᠠ᠃ ᠪᠤᠰᠤᠳ ᠬᠤᠷᠤᠭᠲᠠᠯ ᠮᠠᠲ᠋ᠧᠷᠢᠶᠠᠯ ᠂ ᠡᠮ ᠤᠨ ᠵᠦᠢᠯ ᠳᠤ ᠪᠠᠰᠠ ᠡᠶᠢᠮᠦᠷᠬᠦ ᠪᠠᠶᠢᠲᠠᠯ ᠤᠷᠤᠰᠢᠵᠦ ᠪᠠᠶᠢᠨ᠎ᠠ᠂ ᠡᠭᠦᠨ ᠠᠴᠠ ᠡᠮᠨᠡᠯᠭᠡ ᠶᠢᠨ ᠵᠠᠷᠤᠲᠠᠯ ᠢ ᠠᠷᠪᠢᠯᠠᠬᠤ ᠤᠷᠤᠠ ᠵᠠᠢ ᠭᠡᠲᠦᠢ ᠶᠡᠭᠡ ᠪᠠᠶᠢᠨ᠎ᠠ ᠭᠡᠰᠡᠡ ᠢ ᠮᠡᠲᠡᠵᠦ ᠪᠤᠯᠤᠨ᠎ᠠ!》 ᠭᠡᠵᠦ ᠸᠧᠩ ᠭᠦᠸᠧ ᠰᠢᠩ ᠬᠡᠯᠡᠪᠡ᠃

    ᠸᠧᠩ ᠭᠦᠸᠧ ᠰᠢᠩ ᠪᠠᠰᠠ᠄ 《ᠹᠦᠵᠢᠶᠠᠠ ᠤ ᠨᠢᠭᠡ ᠭᠤᠷᠪᠠᠲᠤᠭᠠᠷ ᠵᠡᠷᠬᠡ ᠶᠢᠨ ᠬᠦᠭᠡ ᠲᠡᠰ ᠤᠨ ᠡᠮᠨᠡᠯᠭᠡ ᠶᠢᠨ ᠬᠤᠷᠢᠶᠠᠠ ᠤ ᠨᠢᠲᠤᠨᠤᠨ ᠤ ᠪᠦᠬᠦ ᠤᠷᠤᠯᠭ᠎ᠠ ᠨᠢ 24 ᠳ᠋ᠦᠩᠰᠢᠭᠤᠷ ᠲᠦᠬᠦᠷᠢᠭ᠌ ᠲᠤ ᠬᠦᠷᠴᠠᠢ᠂ ᠡᠭᠦᠨ ᠳᠤ ᠡᠮ ᠤᠨ ᠵᠦᠢᠯ ᠤᠨ ᠦᠨ᠎ᠠ 40.86 ᠬᠤᠪᠢ ᠶᠢ ᠡᠵᠡᠯᠡᠵᠦ᠂ ᠬᠤᠷᠤᠭᠲᠠᠯ ᠮᠠᠲ᠋ᠧᠷᠢᠶᠠᠯ 19.11 ᠬᠤᠪᠢ ᠶᠢ ᠡᠵᠡᠯᠡᠨ᠂ ᠨᠡᠶᠢᠯᠡᠬᠡᠳ 60 ᠬᠤᠪᠢ ᠤᠷᠴᠢᠮ ᠢ ᠡᠵᠡᠯᠡᠵᠠᠢ᠃ ᠦᠭᠡᠷ᠎ᠠ ᠪᠠᠷ ᠬᠡᠯᠡᠪᠡᠯ᠂ 14 ᠳ᠋ᠦᠩᠰᠢᠭᠤᠷ ᠲᠦᠬᠦᠷᠢᠭ᠌ ᠢ ᠡᠮ ᠤᠨ ᠵᠦᠢᠯ ᠪᠠ ᠬᠤᠷᠤᠭᠲᠠᠯ ᠮᠠᠲ᠋ᠧᠷᠢᠶᠠᠯ ᠳᠤ ᠵᠠᠷᠤᠵᠠᠢ ᠭᠡᠰᠡᠡ ᠦᠭᠡ᠃ ᠡᠨᠡ ᠲᠠᠯ᠎ᠠ ᠶᠢᠨ ᠦᠨ᠎ᠠ ᠶᠢ 10 ᠬᠤᠪᠢ ᠪᠠᠭᠤᠷᠠᠭᠤᠯᠬᠤ ᠳᠤ ᠯᠠ 1.4 ᠳ᠋ᠦᠩᠰᠢᠭᠤᠷ ᠲᠦᠬᠦᠷᠢᠭ᠌ ᠠᠷᠪᠢᠯᠠᠬᠤ ᠪᠤᠯᠤᠨ᠎ᠠ᠂ ᠦᠨᠡᠡᠲᠡᠭᠡᠡ ᠪᠠᠭᠤᠷᠠᠭᠤᠯᠵᠦ ᠪᠤᠯᠬᠤ ᠤᠷᠤᠨ ᠵᠠᠢ ᠡᠨᠡ ᠲᠤᠭ᠎ᠠ ᠪᠠᠷ ᠵᠤᠭᠰᠤᠬᠤ ᠦᠭᠡᠢ》 ᠭᠡᠯ᠎ᠡ᠃

    ᠸᠧᠩ ᠭᠦᠸᠧ ᠰᠢᠩ ᠡᠩ ᠤᠨ ᠭᠡᠷᠡᠭᠯᠡᠲᠡᠭ ᠲᠸᠤ ᠪᠤᠤ ᠵᠡᠷᠭᠡ ᠪᠠᠺᠲ᠋ᠧᠷᠢ ᠲᠠᠷᠤᠬᠤ ᠡᠮ ᠢᠶᠠᠷ ᠵᠢᠱᠢᠶᠡᠯᠡᠵᠤ ᠬᠡᠯᠡᠬᠦ ᠳ᠋ᠡᠬᠡᠨ᠂ ᠡᠲᠡᠭᠡᠷ ᠨᠢ ᠬᠢᠮᠢ ᠶᠢᠨ ᠡᠮ ᠤᠨ ᠳᠦᠷᠦᠯ ᠳᠤ ᠪᠠᠭᠳᠠᠳᠠᠭ᠂ ᠰᠤᠲᠤᠯᠤᠨ ᠦᠢᠯᠡᠳᠬᠦ ᠦᠪᠡᠷ ᠤᠨ ᠦᠷᠲᠡᠭ ᠨᠢ ᠲᠤᠤᠷ᠎ᠠ᠂ ᠭᠡᠲᠡᠯ᠎ᠠ ᠵᠠᠷᠢᠮ ᠡᠮᠨᠡᠯᠭᠡ ᠳᠤ ᠨᠢᠭᠡ ᠦᠷᠢᠯ ᠢ 8 ᠲᠦᠬᠦᠷᠢᠭ᠌ ᠭᠠᠷᠤᠢ ᠪᠠᠷ ᠬᠤᠲᠠᠯᠲᠤᠵᠦ ᠪᠠᠶᠢᠨ᠎ᠠ᠂ ᠦᠪᠡᠷ ᠤᠨ ᠦᠷᠲᠡᠭ ᠤᠨ ᠦᠨ᠎ᠠ ᠲᠠᠢ ᠬᠠᠷᠢᠴᠠᠭᠤᠯᠪᠠᠯ ᠡᠮ ᠤᠨ ᠦᠨ᠎ᠠ ᠨᠢ ᠭᠡᠲᠦᠨ ᠲᠠᠬᠢᠨ ᠲᠡᠷᠡᠴᠢᠯᠡᠡ ᠠᠷᠪᠠᠠ ᠭᠡᠲᠦᠨ ᠲᠠᠬᠢᠨ ᠦᠨᠲᠦᠷ ᠪᠠᠶᠢᠨ᠎ᠠ ᠬᠡᠵᠡᠢ᠃

    ᠤᠢᠢᠷ᠎ᠠ ᠶᠢᠨ ᠵᠢᠯ ᠤᠨ ᠲᠤᠷᠰᠢ᠂ ᠹᠦᠵᠢᠶᠠᠠ ᠤ ᠰᠠᠠ ᠮᠢᠩ ᠬᠤᠲᠠ ᠶᠢᠨ ᠡᠮᠨᠡᠯᠭᠡ ᠶᠢᠨ ᠦᠭᠡᠷᠡᠴᠢᠯᠡᠯᠲᠡ ᠨᠡᠶᠢᠭᠡᠮ ᠤᠨ ᠬᠦᠮᠦᠰ ᠤᠨ ᠠᠩᠬᠠᠷᠤᠯ ᠢ ᠲᠠᠲᠠᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠯᠪᠤᠷᠢ ᠳᠤ ᠤᠷᠤᠰᠢᠵᠦ ᠪᠠᠶᠢᠭ᠎ᠠ ᠡᠮ ᠤᠨ ᠦᠨ᠎ᠠ ᠭᠡᠲᠦ ᠦᠨᠲᠦᠷ ᠪᠠᠶᠢᠬᠤ᠂ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠵᠡᠷᠭᠡ ᠲᠤᠪᠤᠶᠢᠮ᠎ᠠ ᠠᠰᠠᠭᠤᠲᠠᠯ ᠳᠤ ᠴᠢᠭᠯᠡᠭᠦᠯᠵᠦ᠂ ᠰᠠᠠ ᠮᠢᠩ ᠬᠤᠲᠠ ᠡᠮ ᠡᠮᠨᠡᠯᠭᠡ᠂ ᠡᠮᠨᠡᠯᠭᠡ ᠶᠢᠨ ᠲᠠᠭᠠᠳᠬᠠᠯ᠂ ᠡᠮᠴᠢᠯᠡᠭᠡ《ᠭᠤᠷᠪᠠᠨ ᠲᠠᠯ᠎ᠠ ᠪᠠᠷ ᠬᠠᠮᠲᠤᠷᠠᠠ ᠬᠦᠲᠡᠯᠦᠯᠴᠡᠬᠦ》ᠶᠡᠷᠦᠩᠭᠡᠶᠢᠯᠡᠭᠰᠡᠡ ᠦᠭᠡᠷᠡᠴᠢᠯᠡᠯᠲᠡ ᠳᠤ ᠡᠷᠢᠯᠲᠠ ᠰᠤᠪᠢᠯᠲᠠ ᠬᠢᠵᠠᠢ᠃ ᠸᠧᠩ ᠭᠦᠸᠧ ᠰᠢᠩ ᠤᠨ ᠦᠵᠡᠬᠦ ᠪᠠᠷ᠂ ᠰᠠᠠ ᠮᠢᠩ ᠬᠤᠲᠠ ᠶᠢᠨ ᠡᠮᠨᠡᠯᠭᠡ ᠶᠢᠨ ᠦᠭᠡᠷᠡᠴᠢᠯᠡᠯᠲᠡ ᠶᠢᠨ ᠬᠠᠮᠤᠭ ᠤᠨ ᠲᠤᠮᠤ ᠠᠮᠵᠢᠯᠲᠠ ᠨᠢ ᠡᠮ ᠤᠨ ᠦᠨ᠎ᠠ ᠶᠢ ᠪᠦᠲᠦᠮᠵᠢᠲᠠᠢ ᠬᠢᠮᠲᠠᠷᠠᠭᠤᠯᠵᠦ ᠴᠢᠲᠠᠭᠰᠠᠠ ᠠᠴᠠ ᠪᠤᠯᠵᠠᠢ᠂ ᠲᠡᠲᠡ ᠡᠮ ᠤᠨ ᠦᠨ᠎ᠠ ᠶᠢ 30 ᠬᠤᠪᠢ ᠬᠢᠮᠲᠠᠷᠠᠭᠤᠯᠤᠭᠰᠠᠠ ᠪᠦᠭᠡᠳ ᠬᠢᠮᠲᠠᠷᠠᠭᠤᠯᠬᠤ ᠤᠷᠤᠨ ᠵᠠᠢ ᠪᠠᠰᠠ ᠪᠠᠶᠢᠨ᠎ᠠ᠃

    ᠸᠧᠩ ᠭᠦᠸᠧ ᠰᠢᠩ ᠤᠨ ᠶᠠᠷᠢᠬᠤ ᠶᠢ ᠰᠤᠨᠤᠰᠤᠭᠰᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠰᠠᠠ ᠰᠢᠶᠠᠩ ᠰᠢᠨ᠎ᠠ ᠮᠠᠲ᠋ᠧᠷᠢᠶᠠᠯ ᠤᠨ ᠬᠤᠪᠢ ᠤᠷᠤᠭᠤᠯᠬᠤ ᠬᠢᠵᠠᠭᠠᠷᠲᠦ ᠺᠤᠮᠫᠠᠨᠢ ᠶᠢᠨ ᠭᠡᠷᠡᠭ ᠮᠡᠲᠡᠭᠴᠢᠳ ᠤᠨ ᠲᠠᠷᠤᠭ᠎ᠠ ᠰᠢᠶᠠ ᠫᠧᠩ ᠠᠲᠠᠯᠢ ᠦᠵᠡᠯᠲᠠ ᠲᠠᠢ ᠪᠠᠶᠢᠬᠤ ᠪᠡᠨ ᠢᠯᠡᠷᠬᠡᠶᠢᠯᠡᠯ᠎ᠡ᠃ ᠲᠡᠷᠡ᠄ 《ᠡᠮᠨᠡᠯᠭᠡ ᠶᠢᠨ ᠦᠭᠡᠷᠡᠴᠢᠯᠡᠯᠲᠡ ᠡᠷᠬᠡᠪᠰᠢ ᠡᠮ ᠤᠨ ᠦᠨ᠎ᠠ ᠬᠡᠲᠦ ᠦᠨᠲᠦᠷ ᠪᠠᠶᠢᠬᠤ ᠠᠰᠠᠭᠤᠲᠠᠯ ᠢ ᠦᠨᠡᠡᠬᠦ ᠰᠢᠢᠳᠪᠦᠷᠢᠯᠡᠵᠦ᠂ ᠴᠢᠲᠠᠬᠤ ᠶᠢᠨ ᠬᠢᠷᠢ ᠪᠠᠷ ᠢᠶᠠᠨ ᠴᠢᠷᠮᠠᠶᠢᠵᠦ ᠪᠠᠶᠢᠭᠠᠳ ᠲᠤᠮᠲᠠᠬᠢ ᠭᠤᠭᠴᠤᠭ᠎ᠠ ᠶᠢ ᠪᠠᠭᠠᠰᠬᠠᠠ᠂ ᠢᠯᠠ ᠪᠠᠷ ᠲᠠᠭᠠᠭᠠᠴᠢᠯᠠᠯᠲᠠ ᠵᠠᠷᠯᠠᠪᠠᠯ ᠵᠤᠬᠢᠨ᠎ᠠ》 ᠭᠡᠪᠡ᠃ ᠸᠧᠩ ᠭᠦᠸᠧ ᠰᠢᠩ ᠲᠠᠭᠠᠤ ᠳᠤᠨᠢ᠂ ᠤᠯᠤᠰ ᠠᠴᠠ ᠠᠯᠬᠤᠮ ᠠᠯᠬᠤᠮ ᠢᠶᠠᠷ ᠡᠮ ᠡᠮᠨᠡᠯᠭᠡ ᠡᠷᠡᠭᠦᠯ ᠬᠠᠮᠠᠭᠠᠯᠠᠯ ᠳᠠᠬᠢ ᠤᠷᠤᠭᠤᠯᠤᠯᠲᠠ ᠪᠠᠨ ᠨᠡᠮᠡᠭᠲᠡᠭᠦᠯᠪᠠᠯ ᠵᠤᠬᠢᠨ᠎ᠠ ᠭᠡᠵᠦ ᠰᠠᠨᠠᠭᠤᠯᠪᠠ᠃ ᠲᠡᠷᠡ᠄ 《ᠤᠯᠠᠠ ᠲᠦᠮᠡᠡ ᠳᠤ ᠡᠪᠡᠳᠴᠢᠨ ᠦᠵᠡᠭᠦᠯᠬᠦ ᠎ ᠳᠤ ᠦᠨᠡᠲᠡᠢ ᠪᠠᠶᠢᠨ᠎ᠠ ᠭᠡᠵᠦ ᠰᠠᠨᠠᠭᠲᠠᠵᠦ ᠪᠠᠶᠢᠬᠤ ᠪᠠᠰᠠ ᠨᠢᠭᠡᠡ ᠴᠢᠬᠤᠯᠠ ᠰᠢᠯᠲᠠᠭᠠᠠ ᠭᠡᠪᠡᠯ ᠬᠤᠪᠢ ᠬᠦᠮᠦᠨ ᠤ ᠭᠠᠷᠭᠠᠵᠦ ᠪᠠᠶᠢᠭ᠎ᠠ ᠡᠮᠨᠡᠯᠭᠡ ᠶᠢᠨ ᠰᠦᠢᠳᠭᠡᠯ ᠤᠨ ᠬᠠᠷᠢᠴᠠᠯ ᠭᠡᠲᠦ ᠦᠨᠲᠦᠷ ᠪᠠᠶᠢᠨ᠎ᠠ᠃ ᠤᠲᠤᠬᠠᠠ ᠤ ᠡᠮᠨᠡᠯᠭᠡ ᠶᠢᠨ ᠵᠠᠷᠤᠲᠠᠯ ᠢ ᠬᠤᠪᠢ ᠬᠦᠮᠦᠨ᠂ ᠨᠡᠶᠢᠭᠡᠮ ᠪᠤᠯᠤᠨ ᠵᠠᠰᠠᠭ ᠤᠨ ᠤᠷᠲᠤᠨ ᠭᠤᠷᠪᠠᠠ ᠲᠠᠯ᠎ᠠ ᠠᠴᠠ ᠭᠠᠷᠭᠠᠵᠦ᠂ ᠪᠠᠷᠤᠭ ᠲᠤᠰ ᠲᠤᠰ ᠭᠤᠷᠪᠠᠠ ᠤ ᠨᠢᠭᠡ ᠬᠤᠪᠢ ᠶᠢ ᠡᠵᠡᠯᠡᠵᠦ ᠪᠠᠶᠢᠨ᠎ᠠ᠂ 2015 ᠤᠨ ᠤ ᠪᠦᠬᠦ ᠤᠯᠤᠰ ᠤᠨ ᠡᠩ ᠤᠨ ᠤᠯᠠᠠ ᠨᠡᠶᠢᠲᠡ ᠶᠢᠨ ᠲᠦᠰᠦᠪ ᠲᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ 11916 ᠳ᠋ᠦᠩᠰᠢᠭᠤᠷ ᠲᠦᠬᠦᠷᠢᠭ᠌ ᠪᠠᠶᠢᠵᠦ᠂ ᠪᠦᠬᠦ ᠤᠯᠤᠰ ᠤᠨ ᠡᠩ ᠤᠨ ᠤᠯᠠᠠ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ 7.8 ᠬᠤᠪᠢ ᠤᠷᠴᠢᠮ ᠢ ᠡᠵᠡᠯᠡᠵᠠᠢ》 ᠭᠡᠪᠡ᠃

ᠢᠷᠡᠯᠳᠡ᠄ ᠳᠤᠮᠳᠠᠳᠤ ᠤᠯᠤᠰ ᠤᠨ ᠮᠤᠩᠭ᠋ᠤᠯ ᠬᠡᠯᠡᠨ ᠤ ᠰᠤᠨᠢᠨ ᠮᠡᠳᠡᠬᠡ ᠶᠢᠨ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠳᠤᠮᠳᠠᠳᠤ ᠤᠯᠤᠰ ᠤᠨ ᠨᠡᠷᠡᠲᠤ ᠮᠤᠳ᠋ᠸᠯᠴᠤᠳ ᠤᠨ ᠲᠡᠮᠡᠴᠡᠭᠡᠨ ᠠᠮᠵᠢᠯᠲᠠ ᠲᠠᠢ ᠦᠨᠳᠦᠷᠯᠡᠯ᠎ᠡ
  • ᠨᠢᠭᠡ ᠵᠢᠯ ᠳᠤ ᠬᠡᠷᠬᠢᠨ 100 ᠨᠤᠮ ᠤᠩᠰᠢᠬᠤ ᠪᠤᠢ?
  • ᠡᠦ ᠭᠤᠸᠠᠨ ᠵᠦᠩ ᠤᠨ ᠪᠦᠲᠦᠭᠡᠯ ᠪᠤᠥ ᠯᠢ ᠰᠢᠶᠠᠨᠭᠭᠠᠩ ᠤᠨ ᠳᠠᠭᠤᠳᠠᠯᠭ᠎ᠠ ᠬᠤᠳᠠᠯᠳᠤᠭᠠᠨ ᠳᠤ ᠤᠷᠤᠯᠴᠠᠬᠤ ᠪᠡᠷ ᠪᠤᠢ
  • 《2016 ᠤᠨ ᠤ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠤᠨ ᠵᠢᠷᠤᠬᠲᠤ ᠲᠠᠶᠢᠯᠪᠤᠷᠢ》ᠬᠡᠪᠯᠡᠭᠳᠡᠯ᠎ᠡ
关闭
010070230030000000000000011120701118261934