微信打开
蒙古文网站Logo
ᠰᠢᠨᠬᠤᠸᠠ ᠮᠤᠩᠭ᠋ᠤᠯ ᠨᠧᠲ

ᠮᠤᠨᠭᠭᠤᠯ ᠡᠮᠨᠡᠯᠭᠡ ᠲᠦᠯᠦᠭᠡᠯᠡᠭᠴᠢᠳ ᠭᠡᠰᠢᠭᠦᠳ ᠤᠨ ᠠᠩᠬᠠᠷᠤᠯ ᠤᠨ ᠲᠦᠪᠯᠡᠷᠡᠯ ᠪᠣᠯᠣᠯ᠎ᠠ

2016-03-10 17:00

    3 ᠰᠠᠷ᠎ᠠ ᠶᠢᠨ 8 ᠤ ᠦᠳᠡ ᠶᠢᠨ ᠬᠤᠶᠢᠨ᠎ᠠ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯ ᠳᠤ ᠣᠷᠣᠯᠴᠠᠵᠣ ᠪᠠᠶᠢᠭ᠎ᠠ ᠦᠪᠦᠷ ᠮᠤᠨᠭᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠬᠤᠷᠠᠯ ᠲᠡᠭᠡᠷ᠎ᠡ᠂ ᠹᠦ᠋ ᠶᠦᠡᠭ ᠴᠦᠨ ᠲᠦᠯᠦᠭᠡᠯᠡᠭᠴᠢ ᠶᠢᠨ ᠲᠤᠷᠠᠳᠤᠬᠰᠠᠨ《ᠦᠪᠤᠷ ᠮᠤᠨᠭᠭᠤᠯ  ᠳᠤ ᠤᠯᠤᠰ ᠤᠨ ᠮᠤᠨᠭᠭᠤᠯ ᠡᠮ(ᠢᠨᠵᠧᠨᠧᠷᠢᠩ) ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠪᠠᠶᠢᠭᠤᠯᠬᠤ》ᠰᠠᠨᠠᠭᠤᠯᠭ᠎ᠠ ᠨᠢ ᠲᠦᠯᠦᠭᠡᠯᠡᠭᠴᠢᠳ ᠤᠨ ᠠᠩᠬᠠᠷᠤᠯ ᠢ ᠶᠡᠭᠡᠪᠡᠷ ᠲᠠᠳᠠᠵᠦ᠂ ᠡᠨᠡ ᠡᠳᠦᠷ ᠤᠨ ᠬᠤᠷᠠᠯ ᠤᠨ ᠴᠢᠬᠤᠯᠠ ᠰᠡᠳᠦᠪ ᠪᠤᠯᠤᠨ ᠣᠯᠠᠨ ᠢᠶᠠᠷ ᠢᠶᠠᠨ ᠬᠦᠭ᠍ᠵᠢᠭᠡᠨ ᠲᠠᠢ ᠶᠠᠷᠢᠯᠴᠠᠬᠰᠠᠨ ᠪᠠᠶᠢᠨ᠎ᠠ᠃

    ᠮᠤᠨᠭᠭᠤᠯ ᠡᠮᠨᠡᠯᠭᠡ ᠪᠤᠯ ᠤᠯᠤᠰ ᠤᠨ ᠲᠡᠰ ᠤᠨ ᠪᠡᠶᠡᠲᠤ ᠪᠤᠰᠤ ᠰᠤᠶᠤᠯ ᠤᠨ ᠦᠪ ᠪᠣᠯᠣᠨ᠎ᠠ᠃ ᠲᠡᠷᠡ ᠨᠢ ᠲᠤᠮᠳᠠᠳᠤ ᠤᠯᠤᠰ ᠤᠨ ᠤᠯᠠᠮᠵᠢᠯᠠᠯᠳᠤ ᠠᠨᠠᠭᠠᠬᠤ ᠤᠬᠠᠭᠠᠨ ᠤ ᠴᠢᠬᠤᠯᠠ ᠪᠦᠷᠢᠯᠳᠦᠭᠦᠨ ᠬᠡᠰᠡᠭ ᠪᠠᠶᠢᠵᠦ᠂ ᠣᠯᠠᠨ ᠵᠢᠯ ᠤᠨ ᠲᠤᠷᠰᠢ ᠮᠤᠨᠭᠭᠤᠯᠴᠣᠳ ᠢᠶᠠᠷ ᠭᠤᠣᠯ ᠪᠣᠯᠭᠠᠭᠰᠠᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠡᠷᠡᠭᠦᠯ ᠴᠢᠬᠢᠷᠠᠭ ᠢ ᠪᠠᠳᠣᠯᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ ᠮᠤᠨᠭᠭᠤᠯ ᠡᠮᠨᠡᠯᠭᠡ ᠶᠢᠨ ᠠᠵᠢᠯ ᠢ ᠰᠠᠶᠢᠳᠤᠷ ᠬᠢᠬᠦ ᠨᠢ᠂ ᠮᠤᠨᠭᠭᠤᠯ ᠡᠮᠨᠡᠯᠭᠡ ᠶᠢᠨ ᠠᠵᠦ ᠦᠢᠯᠡᠰ ᠤᠨ ᠤᠳᠤᠬᠢᠴᠢᠯᠠᠯᠳᠠ ᠬᠦᠭ᠍ᠵᠢᠯᠳᠠ ᠶᠢᠨ ᠴᠢᠬᠤᠯᠠ ᠬᠡᠷᠡᠭᠴᠡᠭᠡ ᠪᠤᠯᠤᠨ᠎ᠠ᠃ ᠦᠪᠤᠷ ᠮᠤᠨᠭᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ 2011 ᠤᠨ ᠳᠤ ᠭᠤᠶᠤᠴᠢᠯᠠᠬᠰᠠᠨ《ᠤᠯᠤᠰ ᠤᠨ ᠤᠨᠴᠠᠭᠠᠢ ᠬᠡᠷᠡᠭᠴᠡᠭᠡ ᠲᠠᠢ ᠮᠤᠨᠭᠭᠤᠯ ᠡᠮ ᠤᠨ ᠰᠤᠳᠤᠯᠭᠠᠨ ᠤ ᠳ᠋ᠤᠺᠲ᠋ᠤᠷᠠᠨᠲ ᠤᠨ ᠴᠢᠳᠠᠪᠤᠷᠢᠳᠠᠨ ᠬᠦᠮᠦᠵᠢᠬᠦᠯᠬᠦ ᠲᠦᠰᠦᠯ》ᠨᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠷᠳᠡᠮ ᠤᠨ ᠴᠤᠯᠠ ᠶᠢᠨ ᠵᠦᠪᠯᠡᠯ ᠤᠨ ᠵᠦᠪᠰᠢᠶᠡᠷᠡᠯ ᠢ ᠤᠯᠵᠦ᠂ 2013 ᠤᠨ ᠠᠴᠠ ᠡᠬᠢᠯᠡᠨ ᠰᠤᠷᠤᠬᠴᠢ ᠡᠯᠰᠡᠪᠡ᠃ ᠡᠭᠦᠨ ᠠᠴᠠ ᠡᠬᠢᠯᠡᠨ᠂ ᠮᠠᠨ ᠤ ᠤᠷᠤᠨ ᠤ ᠮᠤᠨᠭᠭᠤᠯ ᠡᠮ ᠤᠨ ᠰᠤᠳᠤᠯᠭᠠᠨ ᠤ ᠴᠢᠳᠠᠪᠤᠷᠢᠳᠠᠨ ᠬᠦᠮᠦᠵᠢᠭᠦᠯᠭᠦ ᠠᠵᠢᠯ ᠰᠢᠨ᠎ᠠ ᠱᠠᠳᠤᠨ ᠳᠤ ᠲᠡᠪᠰᠢᠭᠰᠡᠨ ᠪᠠᠶᠢᠨ᠎ᠠ᠃

    ᠤᠳᠤᠬᠠᠨ ᠳᠤ᠂ ᠮᠠᠨ ᠤ ᠤᠷᠤᠨ ᠳᠤ ᠮᠤᠨᠭᠭᠤᠯ ᠡᠮᠨᠡᠯᠭᠡ ᠶᠢᠨ ᠳ᠋ᠤᠺᠲ᠋ᠤᠷ ᠤᠨ ᠡᠷᠳᠡᠮ ᠤᠨ ᠴᠤᠯᠠ ᠣᠯᠭᠤᠬᠤ ᠴᠢᠬ ᠬᠠᠷᠠᠬᠠᠨ ᠬᠤᠭᠤᠰᠤᠨ ᠪᠠᠶᠢᠬᠰᠠᠭᠠᠷ᠃ ᠡᠨᠡ ᠨᠢ ᠮᠤᠨᠭᠭᠤᠯ ᠡᠮᠨᠡᠯᠭᠡ ᠶᠢᠨ ᠦᠢᠯᠡᠰ ᠤᠨ ᠬᠦᠭ᠍ᠵᠢᠯᠳᠠ ᠪᠠ ᠴᠢᠳᠠᠪᠤᠷᠢᠳᠠᠨ ᠬᠦᠮᠦᠵᠢᠬᠦᠯᠭᠦ ᠠᠬᠢᠴᠠ ᠶᠢ ᠵᠣᠬᠢᠬᠤ ᠭᠡᠮᠵᠢᠶ᠎ᠠ ᠪᠠᠷ ᠬᠢᠵᠠᠭᠠᠷᠯᠠᠵᠦ ᠪᠠᠶᠢᠨ᠎ᠠ᠃ ᠡᠨᠡ ᠠᠰᠠᠭᠤᠳᠠᠯ ᠨᠢ ᠤᠯᠠᠨ ᠵᠢᠯ ᠤᠨ ᠲᠤᠷᠰᠢ ᠪᠦᠬᠦ ᠣᠯᠣᠰ ᠤᠨ ᠠᠷᠠᠳ ᠤᠨ ᠲᠦᠯᠦᠭᠡᠯᠡᠭᠴᠢ ᠣᠯᠣᠰ ᠲᠦᠷᠦ ᠶᠢᠨ ᠵᠦᠪᠯᠡᠯᠭᠡᠨ ᠤ ᠭᠡᠰᠢᠭᠦᠨ ᠢ ᠪᠠᠭᠳᠠᠭᠠᠭᠰᠠᠨ ᠡᠯ᠎ᠠ ᠡᠳᠡᠭᠡᠳ ᠤᠨ ᠠᠩᠬᠠᠷᠤᠯ ᠢ ᠲᠠᠳᠠᠬᠰᠠᠭᠠᠷ ᠢᠷᠡᠵᠠᠢ᠃ ᠡᠨᠡ ᠵᠢᠯ ᠤᠨ ᠪᠦᠬᠦ ᠤᠯᠤᠰ ᠤᠨ《ᠬᠤᠶᠠᠷ ᠬᠤᠷᠠᠯ》ᠲᠡᠭᠡᠷ᠎ᠡ᠂ ᠦᠪᠦᠷ ᠮᠤᠨᠭᠭᠤᠯ ᠤᠨ ᠲᠦᠯᠦᠭᠡᠯᠡᠭᠴᠢᠳ ᠭᠡᠰᠢᠭᠦᠳ ᠮᠤᠨᠭᠭᠤᠯ ᠡᠮᠨᠡᠯᠭᠡ ᠶᠢᠨ ᠬᠦᠭ᠍ᠵᠢᠯᠳᠠ ᠶᠢᠨ ᠪᠠᠶᠢᠳᠠᠯ᠂ ᠴᠢᠳᠠᠪᠤᠷᠢᠳᠠᠨ ᠬᠦᠮᠦᠵᠢᠭᠦᠯᠭᠦ ᠲᠠᠯ᠎ᠠ ᠪᠠᠷ ᠣᠷᠣᠰᠢᠵᠣ ᠪᠠᠶᠢᠭ᠎ᠠ ᠠᠰᠠᠭᠤᠳᠠᠯ ᠤᠳ ᠢ ᠢᠳᠡᠪᠬᠢᠳᠠᠢ ᠲᠤᠰᠬᠠᠪᠠ᠃

    《ᠮᠤᠨᠭᠭᠤᠯ ᠡᠮ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠪᠠᠶᠢᠭᠤᠯᠬᠤ ᠨᠢ ᠮᠤᠨᠭᠭᠤᠯ ᠡᠮᠨᠡᠯᠭᠡ ᠶᠢᠨ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ᠂ ᠰᠢᠨ᠎ᠠ ᠡᠮ ᠢ ᠰᠤᠳᠤᠯᠤᠨ ᠨᠡᠭᠡᠭᠡᠭᠦ᠂ ᠴᠢᠨᠠᠷ ᠴᠢᠨᠰᠠᠭ᠎ᠠ ᠶᠢ ᠡᠵᠡᠮᠰᠢᠭᠦ᠂ ᠡᠮ ᠤᠨ ᠮᠠᠲ᠋ᠧᠷᠢᠶᠠᠯ ᠢ ᠬᠠᠮᠠᠭᠠᠯᠠᠬᠤ ᠵᠡᠷᠭᠡ ᠲᠠᠯ᠎ᠠ ᠳᠤ ᠪᠠᠳᠤ ᠲᠦᠰᠢᠭ ᠬᠠᠨᠭ᠍ᠭᠠᠬᠤ ᠪᠣᠯᠣᠨ᠎ᠠ᠃ ᠮᠤᠨᠭᠭᠤᠯ ᠡᠮᠨᠡᠯᠭᠡ ᠪᠦᠷᠢᠨ ᠲᠦᠭᠦᠷ ᠤᠨᠤᠯ ᠤᠨ ᠰᠢᠰᠲ᠋ᠧᠮ ᠲᠠᠢ ᠪᠦᠭᠡᠳ ᠨᠡᠯᠢᠶᠡᠳ ᠪᠦᠷᠢᠨ ᠴᠢᠳᠠᠪᠤᠷᠢᠳᠠᠨ ᠬᠦᠮᠦᠵᠢᠭᠦᠯᠭᠦ ᠰᠢᠰᠲ᠋ᠧᠮ ᠲᠠᠢ᠂ ᠡᠶᠢᠮᠦ ᠠᠴᠠ ᠦᠪᠤᠷ ᠮᠤᠨᠭᠭᠤᠯ  ᠳᠤ ᠮᠤᠨᠭᠭᠤᠯ ᠡᠮᠨᠡᠯᠭᠡ ᠶᠢᠨ ᠤᠬᠠᠭᠠᠨ ᠤ ᠳ᠋ᠤᠺᠲ᠋ᠤᠷᠠᠨᠲ ᠬᠦᠮᠦᠵᠢᠭᠦᠯᠭᠦ ᠶᠢ ᠲᠡᠮᠵᠢᠵᠦ᠂〈ᠮᠤᠨᠭᠭᠤᠯ ᠡᠮᠨᠡᠯᠭᠡ ᠶᠢᠨ ᠤᠬᠠᠭᠠᠨ ᠤ ᠳ᠋ᠤᠺᠲ᠋ᠤᠷ ᠴᠤᠯᠠ ᠤᠯᠭᠤᠬᠤ ᠡᠷᠭᠡ〉ᠨᠡᠮᠡᠨ ᠣᠯᠭᠤᠬᠤ ᠶᠢ ᠠᠬᠢᠭᠤᠯᠵᠦ᠂ ᠮᠤᠨᠭᠭᠤᠯ ᠡᠮᠨᠡᠯᠭᠡ ᠶᠢᠨ ᠲᠡᠭᠡᠲᠦ ᠳᠡᠰ ᠲᠠᠪᠬᠤᠷᠭ᠎ᠠ ᠶᠢᠨ ᠴᠢᠳᠠᠪᠤᠷᠢᠳᠠᠨ ᠬᠦᠮᠦᠵᠢᠭᠦᠯᠭᠦ ᠰᠠᠭᠤᠷᠢ ᠪᠠᠶᠢᠭᠤᠯᠤᠯᠳᠠ ᠶᠢ ᠠᠬᠢᠭᠤᠯᠵᠦ᠂ ᠨᠡᠩ ᠪᠦᠷᠢᠨ ᠪᠦᠲᠦᠨ ᠮᠤᠨᠭᠭᠤᠯ ᠡᠮᠨᠡᠯᠭᠡ ᠶᠢᠨ ᠡᠯ᠎ᠠ ᠲᠠᠪᠬᠤᠷᠭ᠎ᠠ ᠶᠢᠨ ᠴᠢᠳᠠᠪᠤᠷᠢᠳᠠᠨ ᠢ ᠬᠦᠮᠦᠵᠢᠭᠦᠯᠭᠦ ᠰᠢᠰᠲ᠋ᠧᠮ ᠢ ᠪᠦᠷᠢᠯᠳᠦᠭᠦᠯᠬᠦ ᠶᠢ ᠬᠦᠰᠡᠵᠦ ᠪᠠᠶᠢᠨ᠎ᠠ》ᠭᠡᠵᠦ ᠹᠦ᠋ ᠶᠦᠡᠭ ᠴᠦᠨ ᠲᠦᠯᠦᠭᠡᠯᠡᠭᠴᠢ ᠬᠢᠨᠠᠨ ᠵᠦᠪᠯᠡᠬᠦ ᠬᠤᠷᠠᠯ ᠳᠡᠭᠡᠷ᠎ᠡ ᠲᠤᠷᠠᠳᠪᠠ᠃

    ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠶᠤᠤ ᠬᠠᠰ ᠤᠨ ᠦᠵᠡᠭᠦ ᠪᠠᠷ᠂ ᠦᠪᠤᠷ ᠮᠤᠨᠭᠭᠤᠯ ᠳᠤ ᠡᠮᠨᠡᠯᠭᠡ ᠶᠢᠨ ᠤᠬᠠᠭᠠᠨ ᠤ ᠳ᠋ᠤᠺᠲ᠋ᠤᠷ ᠴᠤᠯᠠ ᠣᠯᠭᠤᠬᠤ ᠴᠢᠬ ᠭᠠᠷᠭᠠᠬᠤ ᠨᠢ᠂ ᠡᠮᠨᠡᠯᠭᠡ ᠶᠢᠨ ᠬᠥᠭ᠍ᠵᠢᠯᠲᠡ ᠶᠢ ᠠᠬᠢᠭᠤᠯᠵᠦ᠂ ᠮᠤᠨᠭᠭᠤᠯ ᠡᠮᠨᠡᠯᠭᠡ ᠶᠢᠨ ᠤᠬᠠᠭᠠᠨ ᠤ ᠲᠡᠭᠡᠲᠦ ᠵᠡᠷᠭᠡ ᠶᠢᠨ ᠰᠤᠷᠭᠠᠨ ᠬᠦᠮᠦᠵᠢᠯ ᠢ ᠲᠡᠯᠡᠭᠡᠶᠢᠴᠢᠯᠡᠭᠦ ᠳᠤ ᠴᠢᠬᠤᠯᠠ ᠠᠴᠢ ᠬᠤᠯᠪᠣᠭᠳᠠᠯ ᠲᠠᠢ᠃ ᠡᠶᠢᠨᠬᠦ᠂ ᠲᠡᠷᠡ ᠪᠡᠷ《ᠤᠯᠤᠰ ᠠᠴᠠ ᠦᠪᠤᠷ ᠮᠤᠨᠭᠭᠤᠯ ᠳᠤ ᠮᠤᠨᠭᠭᠤᠯ ᠡᠮᠨᠡᠯᠭᠡ ᠶᠢᠨ ᠤᠬᠠᠭᠠᠨ ᠤ ᠳ᠋ᠤᠺᠲ᠋ᠤᠷ ᠴᠤᠯᠠ ᠣᠯᠭᠤᠬᠤ ᠴᠢᠬ ᠭᠠᠷᠭᠠᠵᠣ᠂ ᠮᠤᠨᠭᠭᠤᠯ ᠡᠮᠨᠡᠯᠭᠡ ᠶᠢᠨ ᠤᠬᠠᠭᠠᠨ ᠳᠤ ᠬᠢᠳᠠᠳ ᠡᠮᠨᠡᠯᠭᠡ ᠶᠢᠨ ᠤᠬᠠᠭᠠᠨ ᠲᠠᠢ ᠠᠳᠠᠯᠢ ᠪᠠᠷ ᠨᠢᠭᠡᠲᠦᠭᠡᠷ ᠲᠡᠰ ᠤᠨ ᠬᠢᠴᠢᠶᠡᠯ ᠲᠦᠷᠦᠯ ᠨᠡᠭᠡᠭᠡᠵᠦ᠂ᠨᠡᠩ ᠤᠯᠠᠨ ᠰᠢᠯᠢᠳᠡᠭ ᠴᠢᠳᠠᠪᠤᠷᠢᠳᠠᠨ  ᠬᠦᠮᠦᠵᠢᠭᠦᠯᠵᠦ᠂ ᠮᠤᠨᠭᠭᠤᠯ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠ ᠲᠦᠪᠰᠢᠨ ᠢ ᠲᠡᠭᠡᠭ᠍ᠰᠢᠯᠡᠭᠦᠯᠭᠦ ᠶᠢᠨ ᠬᠠᠮᠳᠤ ᠮᠤᠨᠭᠭᠤᠯ ᠡᠮᠨᠡᠯᠭᠡ ᠶᠢᠨ ᠤᠬᠠᠭᠠᠨ ᠤ ᠤᠨᠴᠠᠯᠢᠬ ᠲᠠᠪᠠᠭᠤᠯᠢᠭ ᠤᠨ ᠤᠯᠤᠰ ᠤᠨ〈ᠨᠢᠭᠡ ᠪᠦᠰᠡ ᠨᠢᠭᠡ ᠵᠠᠮ〉 ᠤᠨ ᠬᠦᠭ᠍ᠵᠢᠯᠳᠠ ᠶᠢᠨ ᠪᠠᠶᠢᠯᠳᠤᠬᠤ ᠪᠤᠳᠤᠯᠭ᠎ᠠ ᠲᠤᠮᠳᠠᠭᠢ ᠴᠢᠬᠤᠯᠠ ᠭᠠᠳᠠᠭᠠᠳᠤ ᠬᠠᠷᠢᠯᠴᠠᠭᠠᠨ ᠤ ᠦᠢᠯᠡᠳᠤᠯ ᠢ ᠪᠠᠳᠠᠷᠠᠭᠤᠯᠵᠦ᠂ ᠮᠤᠨᠭᠭᠤᠯ ᠤᠯᠤᠰ ᠪᠤᠯᠤᠨ ᠤᠷᠤᠰ ᠠᠴᠠ ᠮᠤᠨᠭᠭᠤᠯ ᠡᠮᠨᠡᠯᠭᠡ ᠶᠢᠨ ᠤᠬᠠᠭᠠᠨ ᠤ ᠳ᠋ᠤᠺᠲ᠋ᠤᠷᠠᠨᠲ ᠡᠯᠰᠡᠵᠦ᠂ ᠤᠯᠤᠰ ᠤᠨ ᠬᠤᠭᠤᠷᠤᠨᠳᠤᠬᠢ ᠰᠤᠶᠤᠯ ᠤᠨ ᠰᠤᠯᠢᠯᠴᠠᠭ᠎ᠠ ᠶᠢ ᠠᠬᠢᠭᠤᠯᠵᠦ᠂ ᠮᠤᠨᠭᠭᠤᠯ ᠡᠮᠨᠡᠯᠭᠡ ᠶᠢᠨ ᠦᠢᠯᠡᠰ ᠢ ᠬᠦᠭ᠍ᠵᠢᠭᠦᠯᠵᠦ ᠰᠢᠨ᠎ᠠ ᠶᠢ ᠡᠭᠦᠳᠪᠠᠯ ᠵᠤᠬᠢᠨ᠎ᠠ》ᠭᠡᠰᠡᠨ ᠰᠠᠨᠠᠯ ᠲᠡᠪᠰᠢᠭᠦᠯᠦᠭᠰᠡᠨ ᠪᠠᠶᠢᠯ᠎ᠠ᠃

ᠢᠷᠡᠯᠳᠡ᠄ ᠳᠤᠮᠳᠠᠳᠤ ᠤᠯᠤᠰ ᠤᠨ ᠮᠤᠨᠭᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠳᠤᠮᠳᠠᠳᠤ ᠤᠯᠤᠰ ᠤᠨ ᠨᠡᠷᠡᠲᠤ ᠮᠤᠳ᠋ᠸᠯᠴᠤᠳ ᠤᠨ ᠲᠡᠮᠡᠴᠡᠭᠡᠨ ᠠᠮᠵᠢᠯᠲᠠ ᠲᠠᠢ ᠦᠨᠳᠦᠷᠯᠡᠯ᠎ᠡ
  • ᠨᠢᠭᠡ ᠵᠢᠯ ᠳᠤ ᠬᠡᠷᠬᠢᠨ 100 ᠨᠤᠮ ᠤᠩᠰᠢᠬᠤ ᠪᠤᠢ?
  • ᠡᠦ ᠭᠤᠸᠠᠨ ᠵᠦᠩ ᠤᠨ ᠪᠦᠲᠦᠭᠡᠯ ᠪᠤᠥ ᠯᠢ ᠰᠢᠶᠠᠨᠭᠭᠠᠩ ᠤᠨ ᠳᠠᠭᠤᠳᠠᠯᠭ᠎ᠠ ᠬᠤᠳᠠᠯᠳᠤᠭᠠᠨ ᠳᠤ ᠤᠷᠤᠯᠴᠠᠬᠤ ᠪᠡᠷ ᠪᠤᠢ
  • 《2016 ᠤᠨ ᠤ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠤᠨ ᠵᠢᠷᠤᠬᠲᠤ ᠲᠠᠶᠢᠯᠪᠤᠷᠢ》ᠬᠡᠪᠯᠡᠭᠳᠡᠯ᠎ᠡ
关闭
010070230030000000000000011100001118294204