微信打开
蒙古文网站Logo
ᠰᠢᠨᠬᠤᠸᠠ ᠮᠤᠩᠭ᠋ᠤᠯ ᠨᠧᠲ

ᠪᠠᠶᠠᠨᠨᠠᠭᠤᠷ ᠬᠤᠳᠠ ᠶᠢᠨ ᠦᠷᠭᠡᠨ ᠤᠯᠠᠨ ᠺᠠᠳ᠋ᠷ ᠳᠦᠮᠡᠨ ᠬᠤᠶᠠᠷ ᠬᠤᠷᠠᠯ ᠤᠨ ᠨᠡᠪᠳᠡᠷᠡᠭᠦᠯᠭᠡ ᠶᠢ ᠬᠦᠯᠢᠶᠡᠨ ᠠᠪᠤᠭᠠᠳ ᠶᠡᠬᠡᠪᠡᠷ ᠪᠠᠶᠠᠷᠯᠠᠨ ᠵᠤᠷᠢᠭᠵᠢᠵᠤ ᠪᠤᠢ

2016-03-13 16:56

    ᠪᠦᠬᠦ ᠤᠯᠤᠰ ᠤᠨ ᠬᠤᠶᠠᠷ ᠬᠤᠷᠠᠯ ᠠᠮᠵᠢᠯᠳᠠ ᠲᠠᠢ ᠬᠤᠷᠠᠯᠳᠤᠵᠤ ᠡᠬᠢᠯᠡᠭᠰᠠᠨ ᠨᠢ ᠦᠪᠦᠷ ᠮᠤᠩᠭᠤᠯ ᠤᠨ ᠪᠠᠶᠠᠨᠨᠠᠭᠤᠷ ᠬᠤᠳᠠ ᠶᠢᠨ ᠡᠯ᠎ᠡ ᠦᠨᠳᠦᠰᠦᠳᠡᠨ ᠤ ᠡᠯ᠎ᠡ ᠡᠳᠡᠭᠡᠳ ᠤᠨ ᠦᠷᠭᠡᠨ ᠤᠯᠠᠨ ᠺᠠᠳ᠋ᠷ ᠤᠯᠠᠨ ᠳᠦᠮᠡᠨ ᠤ ᠳᠤᠮᠳᠠ ᠴᠢᠩᠭ᠎ᠠ ᠳᠤᠰᠬᠠᠯ ᠭᠠᠷᠴᠤ ᠂ ᠤᠶᠢᠷ᠎ᠠ ᠶᠢᠨ ᠡᠳᠦᠷ ᠂ ᠤᠯᠠᠨ ᠢᠶᠠᠷ ᠢᠶᠠᠨ  ᠪᠦᠬᠦ ᠤᠯᠤᠰ  ᠤᠨ ᠬᠤᠶᠡᠷ ᠬᠤᠷᠠᠯ ‍ᠤᠨ‌ᠠᠬᠤᠢ ᠨᠡᠪᠳᠡᠷᠡᠭᠦᠯᠭᠡ ᠶᠢ  ᠷᠠᠳᠢᠤ᠋ ᠲᠧᠯᠸᠢᠰ ᠳᠡᠭᠡᠷ᠎ᠡ ᠠᠴᠠ ᠬᠦᠯᠢᠶᠡᠨ ᠠᠪᠴᠤ ᠦᠵᠡᠵᠤ ᠰᠤᠨᠤᠰᠤᠭᠠᠳ ᠳᠤᠶᠢᠯ ᠤᠨ ᠶᠡᠬᠡᠪᠡᠷ ᠪᠠᠶᠠᠷᠯᠠᠨ ᠵᠤᠷᠢᠭᠵᠢᠵᠤ᠂ ᠢᠷᠡᠭᠡᠳᠦᠢ ᠳᠡᠭᠡᠨ ᠨᠠᠩ ᠢᠳᠡᠭᠡᠯ ᠳᠡᠭᠦᠯᠳᠡᠷ ᠪᠤᠯᠤᠭᠰᠠᠨ ᠪᠠᠶᠢᠨ᠎ᠠ᠃

    ᠪᠦᠬᠦ ᠤᠯᠤᠰ ᠤᠨ ᠬᠤᠶᠠᠷ ᠬᠤᠷᠠᠯ ᠪᠤᠯ ᠮᠠᠨ ᠤ ᠤᠯᠤᠰ ᠤᠨ ᠡᠯ᠎ᠡ ᠦᠨᠳᠦᠰᠦᠳᠡᠨ ᠤ ᠦᠷᠭᠡᠨ ᠤᠯᠠᠨ  ᠺᠠᠳ᠋ᠷ  ᠤᠯᠠᠨ ᠳᠦᠮᠡᠨ ᠤ ᠤᠯᠤᠰ ᠳᠦᠷᠤ ᠶᠢᠨ ᠠᠮᠢᠳᠤᠷᠠᠯ ᠳᠤᠮᠳᠠᠬᠢ ᠨᠢᠭᠡᠨ ᠳᠤᠮᠤ  ᠴᠢᠬᠤᠯᠠ‌‍ᠶᠠᠪᠤᠳᠠᠯ ᠪᠤᠯᠤᠨ᠎ᠠ᠃ ᠮᠦᠨᠴᠤ ᠨᠠᠮ ᠤᠨ ᠠᠷᠪᠠᠨ ᠨᠠᠶ᠋ᠮᠠᠳᠤᠭᠠᠷ  ᠶᠡᠭᠡ ᠬᠤᠷᠠᠯ ᠪᠠ ᠠᠷᠪᠠᠨ ᠨᠠᠶ᠋ᠮᠠᠳᠤᠭᠠᠷ  ᠬᠤᠭᠤᠴᠠᠭᠠᠨ ᠤ ᠳᠦᠪ ᠬᠤᠷᠢᠶᠠᠨ ᠤ ᠭᠤᠷᠪᠠᠳᠤᠭᠠᠷ᠂ ᠳᠦᠷᠪᠡᠳᠦᠭᠡᠷ ᠂ ᠳᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠠᠷᠠᠳ ᠳᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠴᠢᠨᠠᠭᠰᠢᠳᠠ ᠨᠢᠭᠳᠠᠷᠠᠭᠤᠯᠵᠤ᠂ 《ᠳᠦᠷᠪᠡᠨ ᠪᠦᠬᠦ ᠳᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ  ᠪᠠᠶᠢᠷᠢᠰᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠵᠤ᠂ 《13·5》ᠬᠦᠭᠵᠢᠯᠳᠡ ᠶᠢᠨ ᠲᠦᠰᠦᠯ ᠢ ᠤᠷᠤᠭᠰᠢᠳᠡᠢ ᠡᠬᠢᠯᠡᠭᠦᠯᠵᠤ᠂ ᠴᠢᠨᠡᠭᠡᠯᠢᠭ ᠨᠠᠶᠢᠭᠡᠮ ᠢ ᠪᠦᠬᠦ ᠳᠠᠯ᠎ᠠ ᠪᠠᠷ ᠲᠤᠣᠱᠲᠠᠢ ᠪᠠᠶᠢᠭᠤᠯᠬᠤ ᠠᠵᠢᠯᠯᠠᠭ᠎ᠠ ᠶᠢᠨ ᠰᠢᠶ᠋ᠳᠪᠦᠷᠢᠳᠤ ᠱᠠᠳᠤᠨ ᠤ ᠰᠠᠶᠢᠨ ᠡᠬᠢᠨᠯᠯᠳᠡ ᠶᠢ ᠪᠡᠶᠡᠯᠡᠭᠦᠯᠬᠦ ᠳᠤ ᠳᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃

    ᠤᠶᠢᠷ᠎ᠠ ᠶᠢᠨ ᠡᠳᠦᠷ᠂  ᠤᠯᠠᠨ ᠢᠶᠠᠷ ᠢᠶᠠᠨ  ᠷᠠᠳᠢᠤ᠋ ᠲᠧᠯᠸᠢᠰ ᠳᠡᠭᠡᠷ᠎ᠡ ᠠᠴᠠ  ᠶᠡᠭᠡ ᠬᠤᠷᠠᠯ ᠤᠨ ᠠᠬᠤᠢ ᠨᠡᠪᠳᠡᠷᠡᠭᠦᠯᠭᠡ ᠶᠢ ᠵᠠᠯᠭᠠᠪᠡᠷ ᠬᠦᠯᠢᠶᠡᠨ ᠠᠪᠴᠤ ᠦᠵᠡᠵᠤ ᠰᠤᠨᠤᠰᠤᠭᠠᠳ ᠡᠬᠡ ᠤᠯᠤᠰ ᠤᠨ ᠢᠶᠠᠨ ᠪᠠᠶᠠᠨ ᠬᠦᠴᠦᠷᠭᠡᠭ᠂ ᠭᠡᠭᠡᠨ ᠰᠠᠷᠠᠭᠤᠯ ᠢᠷᠡᠭᠡᠳᠦᠢ ᠳᠤ  ᠨᠠᠩ ᠤᠮᠤᠭᠰᠢᠨ ᠵᠤᠷᠢᠭᠵᠢᠵᠤ ᠰᠠᠨᠠᠯ ᠨᠢᠭᠡᠳᠡᠢ ᠦᠵᠡᠵᠡᠭᠡᠭᠰᠠᠨ ᠨᠢ᠂ ᠪᠢᠳᠠ ᠵᠠᠪᠠᠯ ᠰᠢ ᠶᠢᠨ ᠫᠢᠩ ᠨᠦᠬᠦᠷ ᠢᠶᠠᠷ ᠶᠡᠷᠦᠩᠬᠢ ᠱᠦᠵᠢ ᠪᠤᠯᠭᠠᠭᠰᠠᠨ ᠨᠠᠮ ᠤᠨ ᠳᠦᠪ ᠬᠤᠷᠢᠶᠠᠨ ᠤ ᠳᠤᠭᠤᠷᠢᠨ ᠳᠤ ᠨᠢᠬᠳᠠᠷᠠᠨ ᠪᠦᠯᠬᠦᠮᠳᠠᠵᠤ᠂  ᠦᠬᠡ ᠶᠠᠷᠢᠶ᠎ᠠ ᠦᠢᠯᠡ ᠠᠵᠢᠯᠯᠠᠭ᠎ᠠ ᠪᠠᠨ ᠨᠠᠮ ᠤᠨ ᠳᠦᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠦᠯᠳᠡᠢ  ᠪᠠᠶᠢᠯᠭᠠᠨ᠂ ᠬᠡᠭᠦᠳᠡᠭ ᠳᠦᠭᠦᠷᠡᠩ ᠤᠯᠤᠰ ᠳᠦᠷᠤ ᠶᠢᠨ ᠬᠠᠯᠠᠭᠤᠨ ᠰᠡᠳᠬᠢᠯᠭᠡ ᠪᠠ ᠴᠢᠩᠭ᠎ᠠ ᠳᠤᠯᠭᠠᠮ᠎ᠠ  ᠳᠡᠦᠬᠡ ᠶᠢᠨ ᠬᠠᠷᠢᠭᠤᠴᠠᠯᠭᠠᠳᠤ ᠰᠡᠳᠬᠢᠯᠭᠡ ᠪᠠᠷ ᠨᠠᠮ ᠪᠠ ᠤᠯᠤᠰ ᠤᠨ ᠪᠦᠬᠦ ᠳᠠᠯ᠎ᠠ ᠶᠢᠨ ᠠᠰᠢᠭ ᠳᠤᠰᠠ ᠶᠢ ᠳᠡᠷᠢᠭᠦᠨ ᠪᠠᠶᠢᠷᠢᠨ ᠳᠤ ᠳᠠᠯᠪᠢᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠬᠤᠷᠠᠯ ᠤᠨ ᠵᠤᠷᠢᠭ ᠰᠠᠨᠠᠭ᠎ᠠ ᠲᠠᠢ ᠨᠢᠭᠡᠳᠭᠡᠨ᠂ 《13·5》 ᠤᠨ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠬᠦᠯᠬᠦ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠭᠡᠪᠡ᠃

 

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠤ᠋ ᠰᠦᠯᠵᠢᠶ᠎ᠠ ᠪᠡᠯᠡᠳᠭᠡᠭ᠍ᠰᠡᠨ ᠨᠢ᠄ ᠨᠤᠭᠤᠭᠠᠨᠲᠠᠯ᠎ᠠ

ᠨᠡᠶᠢᠬᠡᠮ ᠠᠬᠤᠢ

ᠰᠣᠶᠤᠯ ᠤᠷᠠᠯᠢᠭ

  • ᠳᠤᠮᠳᠠᠳᠤ ᠤᠯᠤᠰ ᠤᠨ ᠨᠡᠷᠡᠲᠤ ᠮᠤᠳ᠋ᠸᠯᠴᠤᠳ ᠤᠨ ᠲᠡᠮᠡᠴᠡᠭᠡᠨ ᠠᠮᠵᠢᠯᠲᠠ ᠲᠠᠢ ᠦᠨᠳᠦᠷᠯᠡᠯ᠎ᠡ
  • ᠨᠢᠭᠡ ᠵᠢᠯ ᠳᠤ ᠬᠡᠷᠬᠢᠨ 100 ᠨᠤᠮ ᠤᠩᠰᠢᠬᠤ ᠪᠤᠢ?
  • ᠡᠦ ᠭᠤᠸᠠᠨ ᠵᠦᠩ ᠤᠨ ᠪᠦᠲᠦᠭᠡᠯ ᠪᠤᠥ ᠯᠢ ᠰᠢᠶᠠᠨᠭᠭᠠᠩ ᠤᠨ ᠳᠠᠭᠤᠳᠠᠯᠭ᠎ᠠ ᠬᠤᠳᠠᠯᠳᠤᠭᠠᠨ ᠳᠤ ᠤᠷᠤᠯᠴᠠᠬᠤ ᠪᠡᠷ ᠪᠤᠢ
  • 《2016 ᠤᠨ ᠤ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠤᠨ ᠵᠢᠷᠤᠬᠲᠤ ᠲᠠᠶᠢᠯᠪᠤᠷᠢ》ᠬᠡᠪᠯᠡᠭᠳᠡᠯ᠎ᠡ
关闭
010070230030000000000000011120741118316086