ᠰᠢᠨᠬᠤᠸᠠ ᠮᠤᠩᠭᠤᠯ ᠨᠧᠲ ᠤᠨ ᠬᠦᠲᠡᠭᠡ ᠤᠷᠤᠨ ᠨᠤᠲᠤᠭ ᠲᠤ ᠬᠠᠦᠯᠢ ᠲᠤᠭᠲᠠᠭᠠᠮᠵᠢ ᠰᠤᠷᠳᠠᠯᠴᠢᠯᠠᠬᠤ ᠠᠶᠠᠨ ᠡᠮᠦᠨᠡᠲᠦ ᠭᠤᠷᠯᠤᠰ ᠲᠤ ᠬᠦᠷᠦᠯ᠎ᠡ 2016-09-05 10:37

    ᠰᠢᠨᠬᠤᠸᠠ ᠮᠤᠩᠭᠤᠯ ᠨᠧᠲ ᠡᠮᠦᠨᠡᠲᠦ ᠭᠤᠷᠯᠤᠰ ᠤᠨ 8 ᠰᠠᠷ᠎ᠠ ᠶᠢᠨ 30 ᠤ ᠡᠲᠦᠷ ᠤᠨ ᠴᠠᠬᠢᠯᠭᠠᠨ ᠮᠡᠲᠡᠭᠡ᠂ ᠰᠢᠨᠬᠤᠸᠠ ᠮᠤᠩᠭᠤᠯ ᠨᠧᠲ ᠤᠨ ᠬᠦᠲᠡᠭᠡ ᠤᠷᠤᠨ ᠨᠤᠲᠤᠭ ᠲᠤ ᠬᠠᠦᠯᠢ ᠲᠤᠭᠲᠠᠭᠠᠮᠵᠢ ᠰᠤᠷᠲᠠᠯᠴᠢᠯᠠᠬᠤ ᠠᠶᠠᠨ ᠦᠷᠭᠦᠯᠵᠢᠯᠡᠭᠰᠡᠭᠡᠷ᠂ 8 ᠰᠠᠷ᠎ᠠ ᠶᠢᠨ 30 ᠤ ᠡᠲᠦᠷ ᠭᠢᠷᠢᠨ ᠮᠤᠵᠢ ᠶᠢᠨ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠳ᠋ᠤ ᠬᠦᠷᠦᠯ᠎ᠡ᠃ ᠡᠮᠦᠨᠡᠲᠦ ᠭᠤᠷᠯᠤᠰ ᠤᠨ ᠷᠠᠳᠢᠤ‍ ᠲᠧᠯᠧᠶ᠋ᠰ ᠬᠤᠷᠢᠶ᠎ᠠ ᠲᠠᠢ ᠬᠠᠮᠲᠤᠷᠠᠨ᠂ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠴᠠᠭᠠᠨᠬᠤᠸᠠ ᠪᠠᠯᠭᠠᠰᠤ ᠶᠢᠨ ᠴᠠᠭᠠᠨᠬᠤᠸᠠ ᠲᠤᠰᠬᠤᠨ ᠤ ᠰᠤᠶᠤᠯ ᠤᠨ ᠬᠦᠷᠢᠶ᠎ᠠ ᠳ᠋ᠤ ᠢᠷᠭᠡᠳ ᠤᠨ ᠠᠮᠢᠵᠢᠷᠭ᠎ᠠ ᠲᠠᠢ ᠬᠤᠯᠪᠤᠭᠲᠠᠭᠰᠠᠨ ᠦᠨᠳᠦᠰᠦᠨ ᠬᠠᠦᠯᠢ᠂ ᠵᠠᠮ ᠬᠠᠷᠢᠯᠴᠠᠭ᠎ᠠ᠂ ᠤᠷᠤᠭ ᠭᠡᠷ ᠪᠦᠯᠢ᠂ ᠡᠬᠡ ᠨᠢᠯᠬᠠᠰ ᠤᠨ ᠡᠷᠡᠭᠦᠯᠵᠢᠯ᠂ ᠭᠠᠵᠠᠷ ᠨᠤᠲᠤᠭ ᠤᠨ ᠲᠠᠭᠠᠭᠠᠴᠢᠯᠠᠯᠲᠠ ᠵᠡᠷᠭᠡ ᠬᠠᠦᠯᠢ ᠶᠢᠨ ᠪᠢᠴᠢᠭ᠌ ᠢ ᠦᠨ᠎ᠡ ᠲᠦᠯᠦᠪᠦᠷᠢ ᠦᠭᠡᠢ ᠬᠦᠷᠭᠡᠪᠡ᠃

    ᠰᠢᠨᠬᠤᠸᠠ ᠮᠤᠩᠭᠤᠯ ᠨᠧᠲ ᠤᠨ ᠬᠦᠲᠡᠭᠡ ᠤᠷᠤᠨ ᠨᠤᠲᠤᠭ ᠲᠤ ᠬᠠᠦᠯᠢ ᠲᠤᠭᠲᠠᠭᠠᠮᠵᠢ ᠰᠤᠷᠲᠠᠴᠢᠯᠠᠬᠤ ᠠᠶᠠᠨ ᠨᠢ ᠬᠦᠲᠡᠭᠡ ᠤᠷᠤᠨ ᠨᠤᠲᠤᠭ ᠲᠤ ᠬᠦᠷᠴᠦ ᠬᠠᠦᠯᠢ ᠲᠤᠭᠲᠠᠭᠠᠮᠵᠢ ᠶᠢ ᠮᠠᠯᠴᠢᠨ ᠲᠠᠷᠢᠶᠠᠴᠢᠨ ᠲᠤ ᠤᠬᠠᠭᠤᠯᠤᠨ ᠰᠤᠷᠲᠠᠯᠴᠢᠯᠠᠵᠤ᠂ ᠳᠡᠳᠡᠨᠡᠷ ᠤᠨ ᠬᠠᠦᠯᠢ ᠶᠤᠰᠤᠨ ᠤ ᠡᠷᠬᠡ ᠠᠰᠢᠭ ᠶᠢᠡᠨ ᠬᠠᠮᠠᠭᠠᠯᠠᠬᠤ ᠲᠠᠨᠢᠯᠲᠠ ᠶᠢ ᠨᠡᠮᠡᠭᠳᠡᠬᠦᠯᠵᠤ᠂ ᠬᠠᠦᠯᠢ ᠲᠤᠭᠲᠠᠭᠠᠮᠵᠢ ᠶᠢ ᠵᠦᠪ ᠶᠢᠡᠷ ᠠᠰᠢᠭᠯᠠᠬᠤ ᠤᠬᠠᠮᠰᠠᠷ ᠢ ᠨᠢ ᠲᠡᠭᠡᠭ᠍ᠰᠢᠯᠡᠬᠦᠯᠬᠦ ᠵᠤᠷᠢᠯᠲᠠ ᠲᠠᠢ ᠶᠤᠮ᠃ (ᠰᠢᠨᠬᠤᠸᠠ ᠮᠤᠩᠭ᠋ᠤᠯ ᠨᠧᠲ ᠤᠨ ᠬ·ᠦᠵᠡᠰᠭᠦᠯᠡᠩ᠂ ᠰᠤᠷᠤᠶ᠎᠎ᠠ᠂ ᠡᠮᠦᠨᠡᠲᠦ ᠭᠤᠷᠯᠤᠰ ᠤᠨ ᠷᠠᠳᠢᠤ‍ ᠲᠧᠯᠧᠢᠰ ᠬᠤᠷᠢᠶᠠᠨ ᠤ ᠹᠦ᠋ ᠱᠠᠨ ᠨᠠᠷ ᠮᠡᠲᠡᠭᠡᠯᠡᠪᠡ )

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠣᠩᠭ᠋ᠤᠯ ᠤᠨ ᠬᠠᠮᠪᠤ ᠶᠢᠨ ᠡᠷᠳᠡᠨ ᠤ ᠪᠠᠭᠤᠷᠢ ᠶᠢᠨ ᠴᠡᠴᠡᠷᠯᠢᠭ᠌ ᠨᠡᠬᠡᠬᠡᠯᠳᠡ ᠪᠠᠨ ᠬᠢᠯ᠎ᠠ
  • ᠪᠠᠷ ᠵᠢᠷᠤᠭ  ᠶᠢᠡᠷ ᠶᠢᠡᠨ ᠪᠠᠬᠠᠷᠬᠠᠵᠤ ᠶᠠᠪᠤᠭ᠎ᠠ ᠥᠲᠡᠭᠦᠰ
  • ᠬᠠᠰᠠᠷ ᠬᠢᠭᠡᠳ ᠬᠤᠷᠴᠢᠨ ᠤ ᠲᠡᠦᠬᠡ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠪᠤᠯᠪᠠ
  • ᠮᠤᠨᠭᠭᠤᠯ ᠤᠯᠤᠰ ᠤᠨ ᠺᠠᠷᠲ᠋ᠤᠨ ᠬᠡᠤᠬᠡᠯᠳᠡᠢ ᠨᠤᠮ《ᠴᠢᠩᠬᠢᠰ ᠬᠠᠭᠠᠨ》ᠮᠤᠨᠭᠭᠤᠯ ᠬᠢᠳᠠᠳ ᠪᠢᠴᠢᠭ᠌ ᠢᠶᠡᠷ ᠬᠡᠪᠯᠡᠭᠳᠡᠨ ᠤᠩᠰᠢᠭᠴᠢᠳ ᠲᠠᠢ ᠵᠤᠯᠭᠠᠯ᠎ᠠ
010070230030000000000000011120691119511462