ᠤᠷᠠᠯᠢᠬ ᠤᠨ ᠬᠠᠷᠭᠤᠢ ᠳᠤ ᠤᠬᠠᠭᠠᠨ ᠢᠶᠡᠨ ᠰᠤᠶᠢᠵᠦ ᠶᠠᠪᠤᠭ᠎ᠠ ᠮᠤᠨᠭᠭᠤᠯᠵᠢᠨ ᠭᠤᠤ᠎ᠠ—ᠠᠰᠢᠳᠠ 2016-06-08 16:00

    ᠰᠢᠨᠬᠤᠸᠠ ᠮᠤᠨᠭᠭᠤᠯ ᠨᠧᠲ  ᠬᠦᠬᠡᠬᠤᠲᠠ ᠶᠢᠨ 6 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ(ᠰᠠᠷᠠᠨᠲᠦᠶᠠᠭ᠎ᠠ᠂ ᠪᠠᠢ ᠯᠢᠩ ᠳ᠋ᠢ)2012 ᠤᠨ ᠤ ᠪᠦᠮᠪᠦᠷᠴᠡᠭ ᠤᠨ ᠠᠶᠠᠯᠠᠯ ᠵᠢᠭᠤᠯᠴᠢᠯᠠᠯ ᠤᠨ ᠮᠢᠰ ᠤᠨ ᠲᠡᠮᠡᠴᠡᠭᠡᠨ ᠤ ᠳᠤᠮᠳᠠᠳᠤ ᠤᠯᠤᠰ ᠲᠡᠬᠢ ᠬᠤᠪᠢᠶᠠᠷᠢ ᠲᠠᠯᠠᠪᠠᠢ ᠶᠢᠨ ᠲᠡᠮᠡᠴᠡᠭᠡᠨ ᠤ ᠳᠡᠳ᠋᠂ 2014 ᠤᠨ ᠤ ᠤᠷᠳᠤᠰ ᠬᠤᠲᠠ ᠶᠢᠨ ᠪᠦᠷᠢᠶ᠎ᠠ ᠮᠠᠨᠭᠬᠠᠨ ᠳᠤ ᠪᠤᠯᠤᠬᠰᠠᠨ ᠮᠤᠨᠭᠭᠤᠯᠵᠢᠨ ᠭᠤᠣ᠎ᠠ ᠰᠢᠯᠭᠠᠷᠠᠭᠤᠯᠬᠤ ᠲᠡᠮᠡᠴᠡᠭᠡᠨ ᠤ ᠳᠡᠳ᠋ ᠪᠠᠶᠢᠷᠢᠨ ᠳᠤ ᠲᠤᠳᠤᠷᠠᠬᠰᠠᠠ ᠰᠤᠤᠳᠤ ᠮᠤᠨᠭᠭᠤᠯ ᠤᠨ ᠰᠤᠳᠤᠨ ᠦᠷᠡᠰ ᠠᠰᠢᠳᠠ ᠦᠬᠢᠨ ᠢ ᠲᠠ ᠪᠦᠬᠦᠨ ᠳᠡᠭᠡᠨ ᠲᠠᠨᠢᠯᠴᠠᠭᠤᠯᠬᠤ ᠪᠤᠯᠤᠬᠰᠠᠨ ᠳᠠᠭᠠᠨ ᠮᠠᠰᠢ ᠤᠷᠮ᠎ᠠ ᠲᠠᠢ ᠪᠠᠶᠢᠨ᠎ᠠ᠃ 

    ᠠᠰᠢᠳᠠ᠂ 1993 ᠤᠨ ᠤ 6 ᠰᠠᠷ᠎ᠠ ᠶᠢᠨ 16 ᠤ᠋ ᠡᠳᠦᠷ ᠰᠢᠯᠢ ᠶᠢᠨ ᠭᠤᠤᠯ ᠠᠶᠢᠮᠠᠬ ᠤᠨ ᠪᠠᠷᠠᠭᠤᠨ ᠦᠵᠦᠮᠤᠴᠢᠨ ᠬᠤᠰᠢᠭᠤᠨ ᠳᠤ ᠲᠦᠷᠦᠵᠡᠢ᠃ ᠭᠡᠷ ᠪᠦᠯᠢ ᠶᠢᠨ ᠢᠶᠡᠨ ᠨᠦᠯᠦᠭᠡ ᠪᠡᠷ ᠲᠡᠷᠡ ᠬᠠᠷᠬᠠᠨ ᠪᠠᠭ᠎ᠠ ᠡᠴᠡ ᠪᠠᠨ ᠤᠷᠠᠨ ᠵᠢᠷᠤᠬ᠂ ᠳᠠᠭᠤᠤ ᠬᠦᠭ᠍ᠵᠢᠮ᠂ ᠪᠦᠵᠢᠭ᠌ ᠵᠡᠷᠭᠡ ᠤᠷᠠᠯᠢᠬ ᠤᠨ ᠵᠦᠢᠯ ᠳᠤ ᠪᠠᠬᠠᠲᠠᠢ ᠪᠤᠯᠵᠦ᠂ ᠲᠡᠭᠦᠨ ᠤ ᠪᠠᠨ ᠲᠦᠯᠦᠭᠡ ᠤᠬᠠᠭᠠᠨ ᠢᠶᠡᠨ ᠰᠤᠷᠢᠵᠦ᠂ ᠤᠷ᠎ᠠ ᠠᠪᠢᠶᠠᠰ ᠢᠶᠡᠨ ᠪᠠᠳᠠᠷᠠᠭᠤᠯᠵᠦ ᠶᠠᠪᠤᠵᠠᠢ᠃

    ᠲᠡᠷᠡᠪᠡᠷ 2011 ᠤᠨ ᠳᠤ ᠦᠪᠦᠷ ᠮᠤᠨᠭᠭᠤᠯ ᠤᠨ ᠪᠠᠬᠰᠢ ᠶᠢᠨ ᠶᠡᠬᠡ ᠰᠤᠷᠭᠠᠭᠤᠯᠢ ᠶᠢᠨ ᠳᠠᠭᠤᠤ ᠬᠦᠭ᠍ᠵᠢᠮ ᠤᠨ ᠰᠠᠯᠪᠤᠷᠢ ᠶᠢᠨ ᠠᠶ᠎ᠠ ᠵᠤᠬᠢᠶᠠᠬᠤ ᠮᠡᠷᠭᠡᠵᠢᠯ ᠢᠶᠡᠷ ᠡᠯᠰᠡᠭᠦᠯᠵᠦ᠂ ᠮᠡᠳᠡᠯᠭᠡ ᠮᠡᠷᠭᠡᠵᠢᠯ ᠢᠶᠡᠨ ᠲᠡᠭᠡᠭ᠍ᠰᠢᠯᠡᠭᠦᠯᠬᠦ ᠶᠢᠨ ᠵᠡᠷᠭᠡᠴᠡᠭᠡ ᠰᠤᠷᠭᠠᠠᠭᠤᠯᠢ ᠶᠢᠨ ᠢᠶᠡᠨ ᠪᠤᠶᠤ ᠨᠡᠶᠢᠭᠡᠮ ᠨᠡᠶᠢᠲᠡ ᠡᠴᠡ ᠵᠤᠬᠢᠶᠠᠨ ᠪᠠᠶᠢᠠᠭᠤᠯᠤᠬᠰᠠᠨ ᠤᠷᠠᠨ ᠵᠢᠷᠤᠬ᠂ ᠠᠶ᠎ᠠ ᠳᠠᠭᠤᠤ᠂ ᠮᠢᠰ ᠤᠨ ᠲᠡᠮᠡᠴᠡᠭᠡᠨ ᠵᠡᠷᠭᠡ ᠤᠷᠠᠯᠢᠬ ᠤᠨ ᠮᠦᠷᠦᠢᠴᠡᠭᠡᠨ ᠲᠡᠮᠡᠴᠡᠭᠡᠨ ᠢᠶᠡᠷ ᠤᠷᠤᠯᠴᠠᠵᠦ᠂ ᠤᠯᠠᠨ ᠤᠳᠠᠭ᠎ᠠ ᠱᠠᠨᠭᠨᠠᠯ ᠬᠦᠬᠢᠭᠦᠯᠦᠯ ᠢᠶᠡᠷ ᠮᠢᠯᠢᠶᠠᠯᠭᠠᠵᠦ ᠶᠠᠪᠤᠬᠰᠠᠨ ᠶᠤᠮ᠃ ᠲᠡᠷᠡᠪᠡᠷ 2012 ᠤᠨ ᠳᠤ ᠪᠦᠮᠪᠦᠷᠴᠡᠭ ᠤᠨ ᠠᠶᠠᠯᠠᠯ ᠵᠢᠭᠤᠯᠴᠢᠯᠠᠯ ᠤᠨ ᠮᠢᠰ ᠤᠨ ᠲᠡᠮᠡᠴᠡᠭᠡᠨ ᠳᠤ ᠦᠪᠦᠷ ᠮᠤᠨᠭᠭᠤᠯ ᠢ ᠲᠦᠯᠦᠭᠡᠯᠡᠨ ᠳᠤᠮᠳᠠᠳᠤ ᠤᠯᠤᠰ ᠤᠨ ᠬᠤᠪᠢᠶᠠᠷᠢ ᠲᠠᠯᠠᠪᠠᠢ ᠶᠢᠨ ᠰᠢᠢᠳᠪᠤᠷᠢᠲᠤ ᠲᠡᠮᠡᠴᠡᠭᠡᠨ ᠳᠤ ᠤᠷᠤᠯᠴᠠᠵᠦ ᠳᠡᠳ᠋ ᠪᠠᠶᠢᠷᠢᠨ ᠳᠤ ᠲᠤᠳᠤᠷᠠᠨ᠂ ᠦᠪᠦᠷ ᠮᠤᠨᠭᠭᠤᠯ ᠤᠨ ᠡᠨᠡ ᠲᠦᠷᠦᠯ ᠤᠨ ᠲᠡᠮᠡᠴᠡᠭᠡᠨ ᠤ ᠬᠠᠮᠤᠬ ᠤᠨ ᠦᠨᠳᠦᠷ ᠬᠢᠷᠢ ᠪᠦᠲᠦᠮᠵᠢ ᠵᠢ ᠡᠭᠦᠳᠦᠭ᠍ᠰᠡᠨ ᠪᠢᠯᠡ᠃ ᠲᠡᠷᠡᠪᠡᠷ ᠤᠯᠤᠰ ᠤᠷᠤᠨ᠂ ᠲᠡᠷᠡᠴᠢᠯᠡᠨ ᠳᠡᠯᠡᠬᠡᠢ ᠶᠢᠨ ᠬᠡᠪᠴᠢᠶᠡᠨ ᠤ ᠲᠤᠮᠤ ᠲᠠᠶᠢᠰᠠᠨ᠎ᠠ ᠦᠪᠡᠷ ᠢ ᠪᠠᠨ ᠮᠡᠳᠡᠷᠡᠭᠦᠯᠵᠦ ᠶᠠᠪᠤᠬᠰᠠᠨ ᠢᠶᠡᠷ ᠪᠠᠷᠠᠬᠤ ᠦᠭᠡᠢ ᠨᠡᠩ ᠴᠤ ᠮᠤᠨᠭᠭᠤᠯ ᠦᠬᠢᠨ ᠤ ᠭᠤᠤ᠎ᠠ ᠦᠵᠡᠰᠭᠦᠯᠡᠩ ᠢ ᠳᠠᠶᠠᠭᠠᠷ ᠲᠤ ᠲᠠᠨᠢᠭᠤᠯᠤᠬᠰᠠᠨ ᠶᠤᠮ᠃ ᠦᠨᠦᠳᠦᠷ ᠠᠰᠢᠳᠠ ᠦᠪᠡᠷ ᠤᠨ ᠠᠶ᠎ᠠ ᠳᠠᠭᠤᠤ᠂ ᠠᠮᠤᠷ ᠮᠡᠨᠳᠤ ᠶᠢᠨ ᠬᠠᠳᠠᠬ ᠲᠠᠢ ᠪᠠᠨ ᠰᠢᠨᠬᠤᠸᠠ ᠮᠤᠨᠭᠭᠤᠯ ᠨᠧᠲ ᠲᠤ ᠠᠶᠢᠯᠴᠢᠯᠠᠵᠦ᠂ ᠲᠠ ᠤᠯᠠᠨ ᠲᠠᠢ ᠪᠠᠨ ᠵᠤᠯᠭᠠᠵᠦ ᠪᠠᠶᠢᠭ᠎ᠠ ᠨᠢ ᠡᠨᠡ ᠶᠤᠮ᠃

    ᠠᠰᠢᠲᠠ ᠰᠢᠬ ᠤᠷᠠᠯᠢᠬ ᠤᠨ ᠲᠠᠶᠢᠰᠠᠨ᠎ᠠ ᠬᠦᠴᠦ ᠤᠬᠠᠭᠠᠨ ᠢᠶᠡᠨ ᠰᠤᠷᠢᠵᠦ ᠶᠠᠪᠤᠭ᠎ᠠ ᠮᠤᠨᠭᠭᠤᠯᠵᠢᠨ ᠭᠤᠣ᠎ᠠ ᠪᠦᠰᠡᠭᠦᠢᠴᠤᠳ ᠲᠡᠭᠡᠨ᠂ ᠮᠦᠨ ᠦᠪᠡᠷ ᠦᠪᠡᠷ ᠤᠨ ᠮᠦᠷᠦᠭᠡᠳᠦᠯ ᠵᠦᠭ ᠢᠶᠡᠨ ᠲᠡᠮᠡᠦᠯᠡᠵᠦ ᠶᠠᠪᠤᠭ᠎ᠠ ᠦᠢ ᠲᠦᠮᠡᠨ ᠮᠤᠨᠭᠭᠤᠯ ᠵᠠᠯᠠᠭᠤᠰ ᠲᠠᠭᠠᠨ ᠠᠮᠵᠢᠯᠲᠠ ᠶᠢᠨ ᠰᠠᠶᠢᠬᠠᠨ ᠢ ᠬᠦᠰᠡᠨ ᠳᠠᠭᠠᠳᠬᠠᠶ᠎ᠠ!(ᠰᠠᠷᠡᠨᠲᠦᠶᠠᠭ᠎ᠠ᠂ ᠪᠠᠢ ᠯᠢᠩ ᠳ᠋ᠢ)

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120701119013456