蒙古文网站Logo
ᠰᠢᠨᠬᠤᠸᠠ ᠮᠤᠩᠭ᠋ᠤᠯ ᠨᠧᠲ

《 ᠢᠨᠲ᠋ᠧᠷᠨᠧᠲ + ᠬᠦᠳᠡᠬᠡ ᠠᠵᠤ ᠠᠬᠤᠢ》ᠵᠠᠭᠪᠤᠷ ᠢᠶᠡᠷ ᠦᠢᠯᠡᠰ ᠪᠤᠰᠬᠠᠭᠰᠠᠨ ᠮᠤᠩᠭ᠋ᠤᠯ ᠵᠠᠯᠠᠭᠤ ᠰᠦᠷᠯᠢᠭ᠌᠌

2017-07-25 15:17

    ᠰᠢᠨᠬᠤᠧᠠ ᠮᠣᠩᠭ᠋ᠤᠯ ᠨᠧᠲ  ᠬᠦᠬᠡᠬᠤᠲᠠ ᠶᠢᠨ 7 ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ (ᠪᠠᠢ ᠯᠢᠩ ᠳᠢ ᠰᠤᠷᠤᠶ᠎ᠠ) ᠰᠢᠨᠵᠢᠯᠡᠬᠦ ᠤᠬᠠᠭᠠᠨ ᠲᠧᠭᠨᠤᠯᠤᠬᠢ ᠶᠢᠨ ᠬᠦᠭ᠍ᠵᠢᠯᠲᠠ ᠬᠦᠳᠡᠬᠡ ᠠᠵᠤ ᠠᠬᠤᠢ ᠶᠢᠨ ᠤᠳᠤᠬᠢᠴᠢᠯᠠᠯᠳᠠ ᠶᠢ ᠪᠤᠢ ᠪᠤᠯᠭᠠᠵᠤ ᠲᠠᠷᠢᠶᠠᠯᠠᠬᠤ ᠮᠠᠯᠵᠢᠬᠤ ᠦᠢᠯᠡᠳᠪᠦᠷᠢᠯᠡᠯ ᠤᠯᠠᠮ ᠡᠴᠡ ᠤᠯᠠᠮ ᠮᠠᠰᠢᠨᠴᠢᠯᠠᠵᠤ᠂ ᠬᠦᠳᠡᠯᠮᠦᠷᠢ ᠬᠦᠴᠦ ᠶᠢ ᠠᠷᠪᠢᠯᠠᠨ ᠦᠪᠡᠷ ᠤᠨ ᠦᠷᠳᠡᠭ ᠢ ᠴᠤ ᠲᠤᠷᠤᠭᠰᠢᠯᠠᠭᠤᠯᠤᠭᠰᠠᠨ ᠪᠠᠶᠢᠨ᠎ᠠ᠃ ᠤᠳᠤᠬᠢᠴᠢᠯᠠᠭᠰᠠᠨ ᠬᠦᠳᠡᠬᠡ ᠠᠵᠤ ᠠᠬᠤᠢ ᠶᠢᠨ ᠬᠦᠭ᠍ᠵᠢᠯᠳᠡ ᠳᠤ《 ᠢᠨᠲ᠋ᠧᠷᠨᠧᠲ + ᠬᠦᠳᠡᠬᠡ ᠠᠵᠤ ᠠᠬᠤᠢ》ᠵᠠᠭᠪᠤᠷ ᠢᠶᠡᠷ ᠦᠪᠦᠷ ᠮᠤᠩᠭ᠋ᠤᠯ ᠤᠨ ᠲᠠᠯ᠎ᠠ ᠨᠤᠳᠤᠭ ᠤᠨ ᠮᠠᠯᠴᠢᠨ ᠲᠠᠷᠢᠶᠠᠴᠢᠳ ᠲᠤ ᠪᠠᠨ ᠲᠡᠷᠢᠬᠦᠨ ᠤ ᠮᠡᠷᠬᠡᠵᠢᠯ ᠲᠡᠷᠢᠬᠦᠨ ᠤ ᠲᠤᠨᠤᠭ ᠲᠦᠭᠦᠭᠡᠷᠦᠮᠵᠢ ᠬᠠᠩᠭ᠋ᠠᠬᠤ ᠪᠡᠷ ᠦᠢᠯᠡᠴᠢᠯᠡᠵᠤ ᠪᠤᠢ ᠡᠷᠴᠢ ᠵᠤᠷᠢᠭ ᠤᠶᠤᠨ ᠤᠬᠠᠭᠠᠨ ᠬᠤᠤᠰᠯᠠᠭᠰᠠᠨ ᠮᠤᠩᠭ᠋ᠤᠯ ᠵᠠᠯᠠᠭᠤ ᠦᠢᠯᠡᠰ ᠪᠤᠰᠬᠠᠭᠴᠢ ᠰᠦᠷᠯᠢᠭ᠌᠌ ᠢ ᠡᠨᠳᠡ ᠲᠤᠷᠠᠳᠬᠤ ᠶᠤᠰᠤᠲᠠᠢ᠃

    ᠰᠦᠷᠯᠢᠭ᠌᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠪᠡᠷ ᠨᠤᠳᠤᠭ ᠲᠠᠢ᠂ 1990 ᠤᠨ ᠳᠤ ᠬᠠᠰ ᠪᠤᠯᠤᠨ ᠬᠠᠰᠤᠩᠭ᠋ᠤᠣ᠎ᠠ ᠶᠢᠨ ᠤᠳᠬᠤᠨ ᠬᠦᠦ ᠪᠤᠯᠤᠨ ᠵᠠᠶᠠᠭᠠᠵᠠᠢ᠃ ᠤᠳᠤ ᠲᠠᠯᠠᠰ ᠬᠢᠵᠠᠭᠠᠷᠳᠤ ᠺᠤᠮᠫᠠᠨᠢ ᠳᠤ ᠲᠠᠷᠤᠭ᠎ᠠ ᠶᠢᠨ ᠠᠯᠪᠠ ᠲᠠᠢ᠃ 2014 ᠤᠨ ᠳᠤ ᠦᠪᠦᠷ ᠮᠤᠩᠭ᠋ᠤᠯ ᠤᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ ᠡᠴᠡ ᠴᠠᠬᠢᠯᠭᠠᠨ ᠬᠦᠴᠦ ᠵᠢᠴᠢ ᠠᠦ᠋ᠲ᠋ᠤᠴᠢᠯᠠᠯᠳᠠ ᠶᠢᠨ ᠮᠡᠷᠬᠡᠵᠢᠯ ᠢᠶᠡᠷ ᠲᠡᠬᠦᠰᠤᠬᠡᠳ ᠲᠢᠶᠠᠨᠵᠢᠨ   ᠳᠤ ᠪᠠᠶᠢᠭ᠎ᠠ ᠲᠤᠮᠳᠠᠳᠤ ᠤᠯᠤᠰ ᠤᠨ ᠭᠠᠵᠠᠷ ᠤᠨ ᠲᠤᠰᠤ ᠪᠠᠶᠢᠭᠠᠯᠢ ᠶᠢᠨ ᠬᠡᠢ ᠶᠢᠨ ᠪᠦᠯᠦᠭᠯᠡᠯ ᠺᠤᠮᠫᠠᠨᠢ ᠡᠴᠡ ᠠᠵᠢᠯ ᠤᠨ ᠭᠠᠷᠤᠭ᠎ᠠ ᠪᠡᠨ ᠠᠪᠴᠠᠢ᠃ ᠡᠨᠡ ᠠᠵᠢᠯ ᠲᠡᠭᠡᠷ᠎ᠡ  ᠪᠠᠨ ᠵᠢᠯ ᠰᠢᠬᠠᠮ ᠠᠵᠢᠯᠯᠠᠭᠠᠳ ᠠᠦ᠋ᠲ᠋ᠤᠴᠢᠯᠠᠯᠳᠠ ᠶᠢᠨ ᠲᠤᠬᠠᠢ ᠨᠡᠯᠢᠶᠡᠳ ᠤᠯᠠᠨ ᠰᠢᠨ᠎ᠡ ᠮᠡᠳᠡᠯᠬᠡ ᠲᠤᠷᠰᠢᠯᠭ᠎ᠠ ᠰᠤᠷᠴᠦ ᠬᠤᠷᠠᠮᠳᠤᠭᠤᠯᠤᠭᠰᠠᠨ ᠪᠤᠯᠬᠤᠷ ᠦᠪᠡᠷ ᠤᠨ ᠨᠤᠳᠤᠭ ᠦᠪᠦᠷ ᠮᠤᠩᠭ᠋ᠤᠯ ᠳᠤ ᠪᠠᠨ ᠬᠠᠷᠢᠵᠤ ᠶᠠᠮᠠᠷ ᠨᠢᠬᠡ ᠶᠠᠭᠤᠮ᠎ᠠ ᠬᠢᠵᠤ ᠪᠦᠲᠦᠭᠡᠶ᠎ᠡ ᠬᠡᠰᠡᠨ ᠰᠡᠳᠬᠢᠭ᠍ᠳᠡᠯ ᠤᠷᠤᠭᠰᠠᠨ ᠡᠴᠡ ᠲᠢᠶᠠᠨᠵᠢᠨ ᠤ ᠠᠵᠢᠯ ᠢᠶᠡᠨ ᠬᠠᠶᠠᠨ ᠪᠡᠭᠡᠵᠢᠩ ᠳᠤ ᠢᠷᠡᠵᠤ ᠬᠤᠶᠠᠷ ᠰᠠᠷ᠎ᠠ ᠭᠠᠷᠤᠢ ᠰᠠᠭᠤᠪᠠ᠃ ᠡᠨᠡ ᠬᠤᠭᠤᠴᠠᠭᠠᠨ ᠳᠤ ᠲᠡᠷᠡᠪᠡᠷ ᠪᠡᠭᠡᠵᠢᠩ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ ᠶᠢᠨ ᠰᠤᠳᠤᠨ ᠵᠠᠯᠠᠭᠤᠰ ᠲᠠᠢ ᠦᠢᠯᠡᠰ ᠪᠤᠰᠬᠠᠬᠤ ᠲᠤᠬᠠᠢ ᠶᠠᠷᠢᠯᠴᠠᠵᠤ ᠰᠠᠨᠠᠯ ᠢᠶᠡᠨ ᠰᠤᠯᠢᠯᠴᠠᠵᠤ ᠶᠠᠪᠤᠵᠠᠢ᠃

    2015 ᠤᠨ ᠳᠤ ᠰᠦᠷᠯᠢᠭ᠌᠌ ᠦᠪᠦᠷ ᠮᠤᠩᠭ᠋ᠤᠯ ᠳᠤ ᠪᠠᠨ ᠢᠷᠡᠵᠤ ᠦᠢᠯᠡᠰ ᠪᠤᠰᠬᠠᠬᠤ ᠠᠶᠠᠨ ᠢᠶᠡᠨ ᠡᠬᠢᠯᠡᠬᠦᠯᠤᠯ᠎ᠠ᠃ ᠠᠩᠬ᠎ᠠ ᠺᠤᠮᠫᠠᠨᠢ ᠪᠠᠶᠢᠭᠤᠯᠬᠤ ᠦᠶᠡᠰ ᠶᠠᠮᠠᠷ ᠴᠤ ᠮᠦᠩᠬᠦ ᠲᠦᠬᠦᠷᠢᠭ᠌᠌ ᠦᠭᠡᠢ᠂ ᠵᠠᠰᠠᠭ ᠤᠨ ᠤᠷᠳᠤᠨ ᠤ ᠲᠡᠮᠵᠢᠯᠬᠡ ᠶᠢ ᠬᠦᠰᠡᠨ ᠡᠷᠡᠮᠡᠯᠵᠡᠭᠰᠡᠨ ᠳᠤ ᠵᠦᠪᠰᠢᠶᠡᠷᠡᠭᠰᠡᠨ ᠦᠭᠡᠢ᠂ ᠵᠦᠪᠬᠡᠨ ᠢᠳᠡᠭᠡᠮᠵᠢᠳᠤ ᠺᠠᠷᠲ ᠢᠶᠡᠷ ᠺᠤᠮᠫᠠᠨᠢ ᠪᠡᠨ ᠪᠤᠰᠬᠠᠵᠤ ᠡᠬᠢᠯᠡᠨ᠂ IT ᠠᠵᠢᠯ ᠲᠦᠷᠦᠯ ᠤᠨ ᠰᠤᠹᠲ ᠨᠡᠬᠡᠬᠡᠨ ᠡᠬᠦᠳᠬᠦ ᠴᠢᠭᠯᠡᠯ ᠢᠶᠡᠷ ᠺᠤᠮᠫᠠᠨᠢ ᠪᠠᠨ ᠲᠠᠩᠰᠠᠯᠠᠭᠤᠯᠤᠨ ᠠᠵᠢᠯᠯᠠᠵᠤ ᠡᠬᠢᠯᠡᠭᠰᠡᠨ ᠪᠢᠯᠠ᠃ 2016 ᠤᠨ ᠳᠤ ᠲᠡᠷᠡᠪᠡᠷ IT ᠠᠵᠢᠯ ᠮᠡᠷᠬᠡᠵᠢᠯ ᠢᠶᠡᠨ ᠨᠡᠩ ᠨᠠᠷᠢᠨ ᠬᠤᠪᠢᠶᠠᠷᠢᠯᠠᠨ ᠪᠠᠷᠠᠭᠠᠨ ᠤ ᠨᠧᠲ ᠤᠨ ᠲᠠᠯ᠎ᠠ ᠪᠡᠷ ᠰᠦᠪᠡᠭ᠍ᠴᠢᠯᠡᠵᠤ ᠬᠢᠭ᠍ᠰᠡᠨ ᠡᠴᠡ ᠤᠳᠤ ᠨᠡᠯᠢᠶᠡᠳ ᠰᠠᠶᠢᠨ ᠠᠮᠵᠢᠯᠲᠠ ᠳᠤ ᠬᠦᠷᠴᠠᠢ᠃

ᠲᠠᠯᠠᠰ ᠺᠤᠮᠫᠠᠨᠢ ᠶᠢᠨ ᠪᠦᠲᠦᠭᠡᠭ᠍ᠳᠡᠬᠦᠨ

    ᠰᠦᠷᠯᠢᠭ᠌᠌ ᠪᠠᠷᠠᠭᠠᠨ ᠤ ᠨᠧᠲ ᠲᠠᠢ ᠬᠤᠯᠪᠤᠭᠳᠠᠭᠤᠯᠤᠨ 《 ᠢᠨᠲ᠋ᠧᠷᠨᠧᠲ + ᠬᠦᠳᠡᠬᠡ ᠠᠵᠤ ᠠᠬᠤᠢ》 ᠶ᠋ᠢᠨ ᠬᠢᠨᠠᠨ ᠡᠵᠡᠮᠳᠡᠬᠦ ᠰᠢᠯᠭᠠᠬᠤ ᠰᠢᠰᠲ᠋ᠧᠮ ᠰᠤᠳᠤᠯᠤᠨ ᠪᠦᠲᠦᠭᠡᠵᠡᠢ ᠃ ᠡᠨᠡᠬᠦ ᠰᠢᠰᠲ᠋ᠧᠮ ᠨᠢ ᠮᠠᠯᠴᠢᠳ ᠢ ᠬᠡᠷ ᠲᠤ ᠪᠠᠨ ᠰᠠᠭᠤᠵᠤ ᠮᠠᠯ ᠢᠶᠡᠨ ᠬᠠᠷᠢᠭᠤᠯᠤᠭᠤᠯᠬᠤ ᠪᠠ ᠲᠠᠷᠢᠶᠠᠴᠢᠳ ᠢ ᠬᠡᠷ ᠲᠤ ᠪᠠᠨ ᠰᠠᠭᠤᠵᠤ ᠲᠠᠷᠢᠶ᠎ᠠ ᠪᠡᠨ ᠤᠰᠤᠯᠠᠭᠤᠯᠬᠤ ᠪᠤᠯᠭᠠᠭᠰᠠᠨ ᠪᠠᠶᠢᠨ᠎ᠠ᠃ ᠲᠤᠳᠤᠷᠠᠭᠤᠯᠪᠠᠯ᠂ ᠶᠡᠬᠡ ᠬᠡᠪᠴᠢᠶᠡᠨ ᠤ ᠡᠪᠡᠰᠤᠨ ᠲᠠᠯᠠᠪᠤᠷ ᠢ ᠤᠰᠤᠯᠠᠬᠤ ᠳᠤ ᠬᠡᠳᠤᠨ ᠮᠠᠰᠢᠨ ᠢᠶᠡᠨ ᠨᠢᠬᠡ ᠨᠢᠬᠡ ᠪᠡᠷ ᠤᠴᠢᠵᠤ ᠬᠦᠳᠡᠯᠬᠡᠬᠦ ᠴᠢᠬᠤᠯᠠ ᠦᠭᠡᠢ ᠰᠢᠭᠤᠳ ᠺᠤᠮᠫᠢᠦᠢᠲ᠋ᠧᠷ ᠢᠶᠡᠷ ᠢᠶᠡᠨ ᠡᠵᠡᠮᠳᠡᠵᠤ ᠴᠢᠳᠠᠨ᠎ᠠ᠂ ᠬᠡᠷᠪᠡ ᠤᠰᠤᠯᠠᠬᠤ ᠮᠠᠰᠢᠨ ᠳᠤ ᠪᠠᠨ ᠺᠠᠮᠧᠷᠠ ᠲᠤᠬᠢᠷᠠᠭᠤᠯᠪᠠᠯ ᠶᠠᠮᠠᠷ ᠰᠠᠭᠠᠳᠤᠯ ᠶᠢ ᠴᠤ ᠤᠯᠵᠤ ᠬᠠᠷᠠᠨ ᠮᠠᠰᠢᠨ ᠡᠵᠡᠮᠳᠡᠬᠦ ᠰᠢᠰᠲ᠋ᠧᠮ ᠡᠴᠡ ᠪᠠᠨ ᠰᠢᠭᠤᠳ ᠵᠠᠰᠠᠨ ᠲᠤᠬᠢᠷᠠᠭᠤᠯᠵᠤ ᠪᠤᠯᠤᠨ᠎ᠠ᠃ ᠮᠠᠯᠴᠢᠳ ᠬᠢᠨᠠᠨ ᠡᠵᠡᠮᠳᠡᠬᠦ ᠰᠢᠰᠲ᠋ᠧᠮ ᠢᠶᠡᠷ ᠬᠡᠷ ᠲᠤ ᠪᠠᠨ ᠰᠠᠭᠤᠵᠤ ᠮᠠᠯ ᠢᠶᠡᠨ ᠬᠠᠷᠢᠭᠤᠯᠵᠤ ᠪᠤᠯᠤᠨ᠎ᠠ᠂ ᠲᠠᠷᠢᠶᠠᠴᠢᠳ ᠮᠦᠨ ᠬᠡᠷ ᠲᠤ ᠪᠠᠨ ᠰᠠᠭᠤᠵᠤ ᠲᠠᠷᠢᠶ᠎ ᠠ ᠪᠠᠨ ᠤᠰᠤᠯᠠᠵᠤ ᠪᠣᠯᠤᠨ᠎ᠠ᠃ ᠡᠨᠡᠬᠦ ᠰᠢᠰᠲ᠋ᠧᠮ ᠢ ᠬᠦᠯᠡᠮᠵᠢᠨ ᠳ᠋ᠤ ᠠᠰᠢᠭᠯᠠᠪᠠᠯ᠂ ᠬᠦᠯᠡᠮᠵᠢ ᠶᠢᠨ ᠠᠭᠠᠷ ᠤᠨ ᠲᠤᠯᠠᠭᠠᠨ᠂ ᠴᠢᠬᠢᠭ᠌᠌ ᠤᠨ ᠬᠡᠮᠵᠢᠶ᠎ᠡ ᠶᠢ ᠠᠦ᠋ᠲ᠋ᠤᠴᠢᠯᠠᠨ ᠡᠵᠡᠮᠳᠡᠨ ᠵᠠᠬᠢᠷᠴᠤ ᠪᠤᠯᠤᠨ᠎ᠠ᠂ ᠵᠢᠱᠢᠶ᠎ᠠ ᠨᠢ᠂ ᠬᠦᠮᠡᠯᠵᠢ ᠶᠢᠨ ᠠᠭᠠᠷ ᠤᠨ ᠲᠤᠯᠠᠭᠠᠨ ᠢ 20℃ ᠢᠶᠡᠷ ᠲᠤᠬᠢᠷᠠᠭᠤᠯᠤᠭᠰᠠᠨ ᠪᠠᠶᠢᠬᠤ ᠳᠤ 20℃ ᠬᠦᠷᠬᠦ ᠦᠬᠡᠢ ᠪᠤᠯ ᠡᠨᠡᠬᠦ ᠰᠢᠰᠲ᠋ᠧᠮ ᠨᠢ ᠠᠭᠠᠷ ᠤᠨ ᠲᠤᠯᠠᠭᠠᠨ ᠢ ᠠᠦ᠋ᠲ᠋ᠦᠴᠢᠯᠠᠨ ᠲᠤᠬᠢᠷᠠᠭᠤᠯᠵᠤ 20℃ ᠲᠤ ᠬᠦᠷᠬᠡᠬᠦ ᠪᠤᠯᠤᠨ᠎ᠠ᠃ ᠠᠳᠠᠯᠢ ᠪᠡᠷ᠂ ᠴᠢᠭᠢᠭ᠌᠌ ᠤᠨ ᠬᠡᠮᠵᠢᠶᠡᠨ ᠳᠤ ᠴᠤ ᠲᠤᠬᠢᠷᠠᠭᠤᠯᠤᠯᠳᠠ ᠬᠢᠵᠤ ᠪᠤᠯᠤᠨ᠎ᠠ᠂ ᠬᠡᠷᠪᠡ ᠴᠢᠬᠢᠭ᠌᠌ ᠤᠨ ᠬᠡᠮᠵᠢᠶ᠎ᠡ  ᠬᠦᠷᠬᠦ ᠦᠭᠡᠢ ᠪᠤᠯ ᠤᠰᠤ ᠲᠠᠯᠪᠢᠬᠤ ᠮᠠᠰᠢᠨ ᠢ ᠠᠦ᠋ᠲ᠋ᠦᠴᠢᠯᠠᠨ ᠬᠦᠳᠡᠯᠬᠡᠵᠤ ᠤᠰᠤ ᠭᠠᠷᠭᠠᠵᠤ ᠴᠢᠭᠢᠭ᠌ ᠨᠦᠬᠦᠪᠦᠷᠢᠯᠡᠨ᠎ᠡ᠃  ᠡᠨᠡ ᠨᠢ ᠬᠦᠳᠡᠬᠡ ᠠᠵᠤ ᠠᠬᠤᠢ ᠳᠤ ᠦᠨᠳᠤᠷ ᠠᠰᠢᠭ ᠠᠪᠴᠢᠷᠠᠬᠤ ᠪᠦᠭᠡᠳ ᠮᠠᠯᠴᠢᠨ ᠲᠠᠷᠢᠶᠠᠴᠢᠳ ᠲᠤ ᠲᠦᠬᠦᠮ ᠦᠵᠡᠬᠦᠯᠤᠨ ᠬᠦᠳᠡᠯᠮᠦᠷᠢ ᠬᠦᠴᠦ ᠶᠢ ᠶᠡᠬᠡᠪᠡᠷ ᠠᠷᠪᠢᠯᠠᠵᠤ ᠦᠪᠡᠷ ᠤᠨ ᠦᠷᠳᠡᠭ ᠢ ᠨᠢ ᠲᠤᠷᠤᠭᠰᠢᠯᠠᠭᠤᠯᠤᠨ᠎ᠠ᠃

    ᠰᠦᠷᠯᠢᠭ᠌᠌ 2017 ᠤᠨ ᠳᠤ《 ᠤᠳᠤᠬᠢᠴᠢᠯᠠᠭᠰᠠᠨ ᠬᠦᠳᠡᠬᠡ ᠠᠵᠤ ᠠᠬᠤᠢ ᠶᠢᠨ ᠪᠠᠶᠢᠭᠠᠯᠢ ᠤᠷᠴᠢᠨ ᠢ ᠬᠢᠨᠠᠨ ᠡᠵᠡᠮᠳᠡᠬᠦ ᠰᠢᠯᠭᠠᠬᠤ ᠰᠢᠰᠲ᠋ᠧᠮ》 ᠪᠤᠯᠤᠨ 《 ᠰᠡᠯᠪᠢᠨ ᠤᠭᠰᠠᠷᠠᠵᠤ ᠪᠤᠯᠬᠤᠶᠢᠴᠠ ᠪᠤᠬᠢᠷᠳᠤᠯ ᠤᠰᠤ ᠰᠢᠶ᠋ᠪᠦᠷᠢᠯᠡᠬᠦ ᠲᠦᠭᠦᠭᠡᠷᠦᠮᠵᠢ》 ᠵᠡᠷᠬᠡ ᠬᠤᠶᠠᠷ ᠲᠤᠰᠬᠠᠢ ᠡᠷᠬᠡ ᠶᠢᠨ ᠦᠨᠡᠮᠯᠡᠬᠦ ᠭᠠᠷᠳᠠᠭᠰᠠᠨ ᠶᠤᠮ᠃

ᠰᠦᠷᠯᠢᠭ᠌᠌ ᠺᠤᠮᠫᠠᠨᠢ ᠶᠢᠨ ᠪᠦᠲᠦᠭᠡᠭ᠍ᠳᠡᠬᠦᠨ ᠢᠶᠡᠨ ᠰᠤᠷᠪᠤᠯᠵᠢᠯᠠᠬᠴᠢ ᠳᠤ ᠲᠠᠨᠢᠯᠴᠠᠭᠤᠯᠵᠤ ᠪᠤᠢ

    ᠰᠦᠷᠯᠢᠭ᠌᠌ ᠤᠨ ᠲᠠᠯᠠᠰ ᠬᠢᠵᠠᠭᠠᠷᠳᠤ ᠺᠤᠮᠫᠠᠨᠢ ᠤᠳᠤ ᠪᠤᠯᠳᠠᠯ᠎ᠠ ᠦᠪᠦᠷ ᠮᠤᠩᠭ᠋ᠤᠯ ᠤᠨ ᠰᠢᠯᠢ ᠶᠢᠨ ᠭᠤᠤᠯ᠂ ᠬᠦᠯᠦᠨ ᠪᠤᠶᠢᠷ᠂ ᠲᠦᠩᠯᠢᠶᠤᠤ ᠪᠤᠯᠤᠨ ᠪᠡᠭᠡᠵᠢᠩ᠂ ᠱᠠᠩᠬᠠᠢ᠂ ᠱᠧᠨᠵᠧᠨ ᠵᠡᠷᠬᠡ ᠤᠷᠤᠨ ᠤ ᠲᠤᠳᠤᠨ᠎ᠠ ᠭᠠᠳᠠᠨᠠᠬᠢ ᠠᠷᠪᠠᠭᠠᠳ ᠺᠤᠮᠫᠠᠨᠢ ᠲᠠᠢ ᠬᠠᠮᠳᠤᠷᠠᠨ ᠠᠵᠢᠯᠯᠠᠵᠤ ᠪᠠᠶᠢᠨ᠎ᠠ᠃

    《 ᠤᠳᠤ ᠺᠤᠮᠫᠠᠨᠢ ᠮᠠᠨᠢ ᠰᠠᠶ᠊ᠢ ᠬᠦᠭ᠍ᠵᠢᠯᠳᠡ ᠶᠢᠨ ᠵᠠᠮ ᠳᠤ ᠪᠠᠨ ᠤᠷᠤᠵᠤ ᠪᠤᠢ᠂ ᠢᠨᠲ᠋ᠧᠷᠨᠧᠲ + ᠬᠦᠳᠡᠬᠡ ᠠᠵᠤ ᠠᠬᠤᠢ ᠶᠢᠨ ᠬᠦᠭ᠍ᠵᠢᠯᠳᠡ ᠶᠢᠨ ᠲᠠᠯ᠎ ᠠ ᠪᠡᠷ ᠨᠡᠩ ᠢᠯᠡᠬᠦᠦ ᠰᠢᠨ᠎ᠡ ᠲᠤᠨᠤᠭ ᠲᠦᠭᠦᠭᠡᠷᠦᠮᠵᠢ ᠡᠬᠦᠳᠬᠦ ᠪᠡᠷ ᠴᠢᠷᠮᠠᠶᠢᠵᠤ ᠪᠠᠶᠢᠨ᠎ᠠ᠃ ᠮᠦᠨ ᠮᠡᠷᠬᠡᠵᠢᠯ ᠢᠶᠡᠨ ᠲᠡᠭᠡᠭ᠍ᠰᠢᠯᠡᠬᠦᠯᠦᠨ᠂ ᠲᠤᠷᠰᠢᠯᠭ᠎ᠠ ᠪᠠᠨ ᠬᠤᠷᠠᠮᠳᠤᠭᠤᠯᠤᠨ᠂ ᠪᠤᠰᠤᠳ ᠤᠨ ᠤᠬᠢ ᠰᠢᠯᠢᠳᠡᠭ ᠢ ᠰᠤᠷᠴᠦ ᠨᠡᠩ ᠦᠨᠳᠤᠷ ᠠᠮᠵᠢᠯᠳᠠ ᠲᠡᠶᠢᠰᠢ ᠪᠠᠨ ᠬᠦᠭ᠍ᠵᠢᠬᠦ ᠶᠢ ᠬᠦᠰᠡᠵᠤ ᠪᠠᠶᠢᠨ᠎ᠠ᠃ ᠤᠳᠤ ᠺᠤᠮᠫᠠᠨᠢ ᠳᠤ ᠭᠤᠤᠯᠳᠠᠭᠤ ᠲᠤᠯᠭᠠᠷᠠᠵᠤ ᠪᠠᠶᠢᠭ᠎ᠠ ᠠᠰᠠᠭᠤᠳᠠᠯ ᠪᠤᠯ ᠬᠦᠮᠦᠨ ᠤ ᠬᠦᠴᠦ ᠬᠦᠷᠦᠯᠴᠡᠬᠦ ᠦᠭᠡᠢ ᠪᠠᠶᠢᠨ᠎ᠠ᠂ ᠲᠤᠰᠬᠠᠢ ᠮᠡᠷᠬᠡᠵᠢᠯ ᠤᠨ ᠠᠵᠢᠯᠳᠠᠨ ᠡᠯᠰᠡᠬᠦ ᠳᠤ  ᠬᠦᠴᠢᠷᠳᠡᠵᠤ ᠪᠠᠶᠢᠨ᠎ᠠ》 ᠬᠡᠵᠤ ᠰᠦᠷᠯᠢᠭ᠌ ᠰᠤᠷᠪᠤᠯᠵᠢᠯᠠᠭ᠎ᠠ ᠬᠦᠯᠢᠶᠡᠬᠦ ᠳ᠋ᠡᠬᠡᠨ ᠶᠠᠷᠢᠯ᠎ᠠ᠃

ᠲᠠᠯᠠᠰ ᠺᠤᠮᠫᠠᠨᠢ ᠶᠢᠨ ᠪᠦᠲᠦᠭᠡᠭ᠍ᠳᠡᠬᠦᠨ ᠪᠤᠯᠬᠤ ᠦᠬᠡᠷ ᠬᠤᠨᠢᠨ ᠤ ᠴᠢᠬᠢᠨ ᠳᠤ ᠬᠠᠳᠠᠬᠤ ᠡᠬᠡᠮᠦᠩ (ᠲᠡᠪ) 《 ᠨᠡᠷ᠎ᠠ ᠶᠢᠨ ᠬᠠᠭᠤᠳᠠᠰᠤ》᠂ ᠡᠬᠦᠪᠡᠷ ᠦᠬᠡᠷ ᠬᠤᠨᠢᠨ ᠤ ᠲᠦᠯᠯᠡᠬᠦ( ᠬᠤᠷᠭᠠᠯᠠᠬᠤ) ᠡᠴᠡ ᠲᠡᠵᠢᠬᠡᠵᠤ ᠠᠷᠠᠴᠢᠯᠠᠭᠰᠠᠨ᠂ ᠡᠪᠡᠳᠴᠢᠨ ᠬᠢᠵᠢᠭ᠌᠌ ᠤᠨ ᠪᠠᠶᠢᠳᠠᠯ᠂ ᠨᠢᠳᠤᠯᠠᠭᠰᠠᠨ᠂ ᠪᠤᠯᠪᠠᠰᠤᠷᠠᠭᠤᠯᠤᠭᠰᠠᠨ᠂ ᠪᠠᠷᠠᠭ᠎ᠠ ᠲᠡᠭᠡᠭᠡᠪᠦᠷᠢ᠂ ᠪᠤᠷᠤᠯᠠᠭᠤᠯᠤᠯᠭ᠎ᠠ ᠵᠡᠷᠬᠡ ᠡᠯ᠎ᠡ ᠭᠤᠭᠴᠤᠭᠠᠨ ᠤ ᠰᠤᠷᠠᠭ ᠵᠠᠩᠬᠢ ᠶᠢ ᠣᠶᠢᠯᠠᠭᠠᠵᠤ ᠪᠤᠯᠤᠨ᠎ᠠ

ᠲᠠᠯᠠᠰ ᠺᠤᠮᠫᠠᠨᠢ ᠶᠢᠨ ᠠᠵᠢᠯᠯᠠᠬᠤ ᠥᠷᠦᠭᠡ

ᠢᠷᠡᠯᠳᠡ᠄ ᠰᠢᠨᠬᠤᠧᠠ ᠮᠣᠩᠭ᠋ᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121376946