蒙古文网站Logo
ᠰᠢᠨᠬᠤᠸᠠ ᠮᠤᠩᠭ᠋ᠤᠯ ᠨᠧᠲ

2015 ᠣᠨ ᠳᠤ ᠰᠢᠨᠵᠢᠶᠠᠩ ᠤᠨ ᠬᠢᠨ 7320 ᠠᠯᠪᠠᠨ ᠬᠠᠭᠠᠭᠴᠢ ᠶᠢ ᠡᠯᠰᠡᠨ ᠬᠡᠷᠡᠭᠯᠡᠪᠡ

2016-03-12 10:20

    9 ᠤ ᠡᠳᠦᠷ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2015 ᠣᠨ ᠳᠤ ᠰᠢᠨᠵᠢᠶᠠᠩ ᠤᠨ ᠬᠢᠨ 7320 ᠠᠯᠪᠠᠨ ᠬᠠᠭᠠᠭᠴᠢ ᠶᠢ ᠡᠯᠰᠡᠨ ᠬᠡᠷᠡᠭᠯᠡᠵᠦ᠂ ᠦᠨᠳᠦᠰᠦᠨ ᠱᠠᠲᠤᠨ ᠤ ᠠᠯᠪᠠᠨ ᠬᠠᠭᠠᠭᠴᠢ ᠶᠢ ᠡᠯᠰᠡᠨ ᠬᠡᠷᠡᠭᠯᠡᠭᠰᠡᠨ ᠬᠠᠷᠢᠴᠠᠯ 83% ᠢ ᠡᠵᠡᠯᠡᠵᠠᠢ᠃ ᠡᠭᠦᠨ ᠳᠤ 36% ᠶᠢ ᠡᠵᠡᠯᠡᠬᠦ ᠠᠵᠢᠯ ᠤᠨ ᠪᠠᠶᠢᠷᠢ ᠶᠢ ᠲᠤᠰᠬᠠᠶᠢᠯᠠᠨ ᠴᠥᠭᠡᠨ ᠲᠣᠭᠠᠲᠤ ᠦᠨᠳᠦᠰᠦᠲᠡᠨ ᠳᠤ ᠣᠯᠭᠤᠭᠰᠠᠨ ᠪᠠᠶᠢᠨ᠎ᠠ᠃

    ᠲᠠᠨᠢᠯᠴᠠᠭᠤᠯᠤᠭᠰᠠᠨ ᠢᠶᠠᠷ᠂ 2009 ᠣᠨ ᠠᠴᠠ 2015 ᠣᠨ ᠤ ᠡᠴᠦᠰ ᠪᠣᠯᠲᠠᠯ᠎ᠠ ᠰᠢᠨᠵᠢᠶᠠᠩ ᠤᠨ ᠬᠢᠨ ᠦᠨᠳᠦᠰᠦᠨ ᠱᠠᠲᠤᠨ ᠤ ᠠᠯᠪᠠᠨ ᠬᠠᠭᠠᠭᠴᠢ ᠶᠢ ᠡᠯᠰᠡᠨ ᠬᠡᠷᠡᠭᠯᠡᠬᠦ ᠱᠠᠭᠠᠷᠳᠠᠯᠭ᠎ᠠ ᠶᠢ ᠵᠣᠬᠢᠰᠲᠠᠢ ᠪᠠᠭᠤᠷᠠᠭᠤᠯᠵᠤ᠂ ᠰᠢᠨᠵᠢᠶᠠᠩ ᠤᠨ ᠡᠮᠦᠨ᠎ᠡ ᠪᠡᠶ᠎ᠡ ᠶᠢᠨ ᠣᠷᠣᠨ ᠪᠣᠯᠣᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠲᠥᠷᠥᠯ ᠠᠴᠠ ᠳᠡᠭᠡᠭᠰᠢᠬᠢ ᠪᠡᠷᠬᠡ ᠬᠠᠲᠠᠭᠤᠵᠢᠯᠲᠠᠢ ᠬᠢᠯᠢ ᠬᠢᠵᠠᠭᠠᠷ ᠣᠷᠣᠨ ᠤ ᠰᠢᠶᠠᠨ ᠰᠢᠶᠠᠩ ᠤᠨ ᠠᠵᠢᠯ ᠦᠢᠯᠡᠰ ᠤᠨ ᠣᠷᠣᠨ ᠲᠤᠭ᠎ᠠ ᠲᠠᠢ ᠬᠥᠮᠥᠨ ᠳᠤ ᠲᠤᠰᠬᠠᠶᠢᠯᠠᠨ ᠠᠵᠢᠯ ᠤᠨ ᠪᠠᠶᠢᠷᠢ ᠲᠣᠬᠢᠷᠠᠭᠤᠯᠵᠤ᠂ ᠠᠯᠪᠠᠨ ᠬᠠᠭᠠᠭᠴᠢ ᠡᠯᠰᠡᠨ ᠬᠡᠷᠡᠭᠯᠡᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠲᠣᠰᠬᠤᠨ ᠤ ᠳᠠᠷᠤᠭ᠎ᠠ᠂ ᠲᠣᠰᠬᠤᠨ ᠤ ᠰᠢᠯᠢᠳᠡᠭ ᠨᠠᠮ ᠤᠨ ᠡᠭᠦᠷ ᠤᠨ ᠱᠦᠵᠢ᠂ ᠨᠡᠶᠢᠭᠡᠮ ᠤᠨ ᠬᠤᠷᠢᠶᠠᠯᠠᠯ ᠤᠨ ᠠᠵᠢᠯᠲᠠᠨ᠂ ᠠᠵᠢᠯᠴᠢᠨ ᠲᠠᠷᠢᠶᠠᠴᠢᠨ ᠤ ᠳᠣᠲᠣᠷ᠎ᠠ ᠠᠴᠠ ᠦᠨᠳᠦᠰᠦᠨ ᠱᠠᠲᠤᠨ ᠤ 1 ᠲᠦᠮᠡ 2300 ᠠᠯᠪᠠᠨ ᠬᠠᠭᠠᠭᠴᠢ ᠡᠯᠰᠡᠵᠦ᠂ ᠦᠨᠳᠦᠰᠦᠨ ᠱᠠᠲᠤᠨ ᠤ ᠠᠯᠪᠠᠨ ᠬᠠᠭᠠᠭᠴᠢ ᠶᠢᠨ ᠡᠩᠨᠡᠭᠡ ᠶᠢ ᠲᠡᠭᠦᠯᠳᠡᠷᠵᠢᠭᠦᠯᠦᠨ ᠪᠤᠵᠠᠭᠠᠶᠢᠷᠠᠭᠤᠯᠤᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠤ᠋ ᠰᠦᠯᠵᠢᠶ᠎ᠠ ᠪᠡᠯᠡᠳᠭᠡᠭ᠍ᠰᠡᠨ ᠨᠢ᠄ ᠨᠤᠭᠤᠭᠠᠨᠲᠠᠯ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120741118310254