蒙古文网站Logo
ᠰᠢᠨᠬᠤᠸᠠ ᠮᠤᠩᠭ᠋ᠤᠯ ᠨᠧᠲ

ᠤᠷᠲᠤᠰ ᠨᠢᠰᠬᠦ ᠤᠩᠭ᠋ᠤᠴᠠᠨ ᠤ ᠪᠠᠭᠤᠲᠠᠯ ᠠᠭᠠᠷ ᠠᠶᠯᠠᠯ ᠤᠨ ᠱᠤᠭᠤᠮ ᠶᠢᠡᠨ ᠨᠡᠮᠡᠵᠠᠢ

2016-03-14 17:25

    ᠤᠢᠢᠷ᠎ᠠ ᠶᠢᠨ ᠡᠲᠦᠷ᠂ ᠤᠷᠲᠤᠰ ᠨᠢᠰᠬᠦ ᠤᠩᠭ᠋ᠤᠴᠠᠨ ᠤ ᠪᠠᠭᠤᠲᠠᠯ ᠵᠤᠨ ᠨᠠᠮᠤᠷ ᠤᠨ ᠠᠭᠠᠷ ᠠᠶᠠᠯᠠᠯ ᠤᠨ ᠲᠦᠰᠦᠯ ᠢ ᠡᠬᠢᠯᠡᠨ ᠬᠡᠷᠡᠭᠵᠢᠭᠦᠯᠪᠡ᠃

    ᠲᠤᠰ ᠲᠦᠰᠦᠯ ᠳ᠋ᠤ᠂ ᠲᠤᠮᠲᠠᠲᠤ ᠤᠯᠤᠰ ᠤᠨ ᠳ᠋ᠦᠩ ᠹᠠᠩ ᠠᠭᠠᠷ ᠠᠶᠠᠯᠠᠯ ᠤᠨ ᠺᠤᠮᠫᠠᠨᠢ ᠪᠠ ᠲᠤᠮᠲᠠᠲᠤ ᠤᠯᠤᠰ ᠤᠨ ᠯᠢᠶᠠᠨ ᠡᠾᠸ ᠠᠭᠠᠷ ᠠᠶᠠᠯᠠᠯ ᠤᠨ ᠺᠤᠮᠫᠠᠨᠢ  ᠶᠢᠨ ᠭᠤᠤᠯ ᠬᠦᠴᠦᠨ ᠤ ᠦᠢᠯᠡᠳᠦᠯ ᠢ ᠦᠷᠭᠦᠯᠵᠢᠯᠡᠨ ᠪᠠᠲᠠᠷᠠᠭᠤᠯᠵᠤ᠂ ᠤᠤᠯ ᠤᠨ ᠠᠭᠠᠷ ᠠᠶᠠᠯᠠᠯ ᠤᠨ ᠱᠤᠭᠤᠮ ᠤᠨ ᠲᠦᠰᠦᠯ ᠤᠨ ᠰᠠᠭᠤᠷᠢᠨ ᠳ᠋ᠤ ᠭᠤᠤᠯᠲᠠᠯᠭ᠎ᠠ ᠲᠠᠢ ᠬᠤᠲᠠ᠂ ᠵᠤᠭᠠᠴᠠᠯ ᠤᠨ ᠬᠤᠲᠠ ᠳ᠋ᠤ ᠠᠶᠠᠯᠠᠨ ᠬᠦᠷᠬᠦ ᠪᠡᠷ ᠲᠤᠬᠢᠷᠠᠭᠤᠯᠵᠠᠢ᠃

    ᠲᠤᠬᠠᠢᠢᠯᠠᠪᠠᠯ ᠤᠷᠲᠤᠰᠪᠡᠭᠡᠵᠢᠩ ᠬᠦᠷᠬᠦ ᠠᠶᠠᠯᠠᠯ ᠢ ᠡᠲᠦᠷ ᠪᠤᠯᠭᠠᠨ 6 ᠡᠭᠡᠯᠵᠢ ᠪᠤᠯᠭᠠᠵᠤ᠂ ᠪᠡᠭᠡᠵᠢᠩ ᠤᠨ ᠨᠠᠨ ᠶᠤᠸᠠᠨ ᠨᠢᠰᠬᠦ ᠤᠩᠭ᠋ᠤᠴᠠᠨ ᠤ ᠪᠠᠭᠤᠲᠠᠯ ᠬᠦᠷᠬᠦ ᠠᠶᠠᠯᠠᠯ ᠢ ᠡᠲᠦᠷ ᠪᠦᠷᠢ 4 ᠡᠭᠡᠯᠵᠢ᠂ ᠨᠡᠢᠢᠰᠯᠡᠯ ᠤᠨ ᠨᠢᠰᠬᠦ ᠤᠩᠭ᠋ᠤᠴᠠᠨ ᠤ ᠪᠠᠭᠤᠲᠠᠯ ᠬᠦᠷᠬᠦ ᠠᠶᠠᠯᠠᠯ ᠢ ᠡᠲᠦᠷ ᠪᠦᠷᠢ 2 ᠡᠭᠡᠯᠵᠢ ᠪᠡᠷ ᠲᠤᠬᠢᠷᠠᠭᠤᠯᠪᠠ᠃ ᠤᠷᠲᠤᠰᠴᠠᠩᠱᠠ᠂ ᠤᠷᠲᠤᠰᠹᠦᠸᠸ ᠱᠠᠨ ᠬᠦᠷᠬᠦ ᠠᠶᠠᠯᠠᠯ ᠤᠨ ᠱᠤᠭᠤᠮ ᠢ ᠭᠠᠷᠠᠭ ᠤᠨ ᠨᠢᠭᠡᠨ᠂ ᠭᠠᠷᠠᠭ ᠤᠨ ᠲᠠᠪᠤᠨ᠂ ᠭᠠᠷᠠᠭ ᠤᠨ ᠡᠲᠦᠷ ᠪᠤᠯᠭᠠᠵᠤ ᠲᠤᠬᠢᠷᠠᠭᠤᠯᠪᠠ᠃ ᠤᠷᠲᠤᠰᠨᠠᠨᠵᠢᠩ ᠤᠨ ᠠᠶᠠᠯᠠᠯ ᠤᠨ ᠱᠤᠭᠤᠮ ᠢ ᠡᠲᠦᠷ ᠪᠦᠷᠢ ᠨᠢᠭᠡ ᠡᠭᠡᠯᠵᠢ ᠪᠡᠷ ᠲᠤᠬᠢᠷᠠᠭᠤᠯᠪᠠ᠃ ᠤᠷᠲᠤᠰ ᠨᠢᠰᠬᠦ ᠤᠩᠭ᠋ᠤᠴᠠᠨ ᠤ ᠪᠠᠭᠤᠲᠠᠯ 4 ᠰᠠᠷ᠎ᠠ ᠡᠴᠡ ᠡᠬᠢᠯᠡᠨ ᠺᠤᠷᠢᠶᠠ ᠬᠦᠷᠬᠦ ᠤᠯᠠᠨ ᠤᠯᠤᠰ ᠤᠨ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠬᠦ ᠪᠡᠷ ᠲᠦᠯᠦᠪᠯᠡᠵᠦ ᠪᠤᠢ᠃

ᠢᠷᠡᠯᠳᠡ᠄ ᠤᠷᠲᠤᠰ ᠮᠤᠩᠭ᠋ᠤᠯ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118327477