蒙古文网站Logo
ᠰᠢᠨᠬᠤᠸᠠ ᠮᠤᠩᠭ᠋ᠤᠯ ᠨᠧᠲ

《ᠴᠠᠬᠠᠷ ᠲᠡᠦᠬᠡ 》 ᠶᠢ ᠤᠷᠴᠢᠭᠤᠯᠤᠨ ᠨᠠᠢᠢᠷᠠᠭᠤᠯᠬᠤ ᠵᠦᠪᠯᠡᠯ ᠤᠨ ᠲᠦᠷᠪᠡᠲᠡᠬᠢ ᠡᠭᠡᠯᠵᠢ ᠶᠢᠨ ᠶᠠᠷᠢᠯᠴᠠᠬᠤ ᠬᠤᠷᠠᠯ ᠪᠤᠯᠪᠠ

2016-03-14 17:30

    11 ᠤ ᠡᠲᠦᠷ᠂ ᠴᠠᠬᠠᠷ ᠰᠤᠶᠤᠯ ᠢ ᠰᠤᠲᠤᠯᠤᠨ ᠠᠬᠢᠭᠤᠯᠬᠤ ᠨᠡᠢᠢᠭᠡᠮᠯᠢᠭ᠌ ᠡᠴᠡ ᠵᠤᠬᠢᠶᠠᠨ ᠪᠠᠢᠢᠭᠤᠯᠤᠭᠰᠠᠨ 《ᠴᠠᠬᠠᠷ ᠲᠡᠦᠬᠡ 》 ᠶᠢ ᠤᠷᠴᠢᠭᠤᠯᠤᠨ ᠨᠠᠢᠢᠷᠠᠭᠤᠯᠬᠤ ᠵᠦᠪᠯᠡᠯ ᠤᠨ ᠲᠦᠷᠪᠡᠲᠡᠬᠢ ᠡᠭᠡᠯᠵᠢ ᠶᠢᠨ ᠶᠠᠷᠢᠯᠴᠠᠬᠤ ᠬᠤᠷᠠᠯ ᠦᠪᠦᠷ ᠮᠤᠩᠭ᠋ᠤᠯ ᠤᠨ ᠵᠢᠨᠢᠩ ᠬᠤᠲᠠ ᠳ᠋ᠤ ᠪᠤᠯᠪᠠ᠃

    ᠬᠤᠷᠠᠯ ᠳ᠋ᠤ ᠵᠢᠨᠢᠩ ᠤᠨ ᠪᠠᠭᠰᠢ ᠶᠢᠨ ᠲᠡᠭᠡᠳᠦ ᠰᠤᠷᠭᠠᠭᠤᠯᠢ᠂ ᠤᠯᠠᠭᠠᠨᠴᠠᠪ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠤᠯᠠᠭᠠᠨᠴᠠᠪ ᠡᠲᠦᠷ ᠤᠨ ᠰᠤᠨᠢᠨ ᠤ ᠬᠤᠷᠢᠶ᠎ᠠ ᠵᠡᠷᠭᠡ ᠪᠠᠢᠢᠭᠤᠯᠭ᠎ᠠ ᠶᠢᠨ ᠬᠠᠮᠢᠶ᠎ᠠ ᠪᠦᠬᠦᠢ ᠬᠦᠮᠦᠰ ᠤᠷᠤᠯᠴᠠᠭᠰᠠᠨ ᠪᠦᠭᠡᠳ《 ᠴᠠᠬᠠᠷ ᠲᠡᠦᠬᠡ》  ᠶᠢ ᠤᠷᠴᠢᠭᠤᠯᠤᠨ ᠨᠠᠢᠢᠷᠠᠭᠤᠯᠬᠤ ᠵᠦᠪᠯᠡᠯ ᠤᠨ ᠭᠤᠷᠪᠠᠨ ᠲᠤᠭᠤᠢᠢᠯᠠᠩ ᠤᠨ ᠡᠷᠬᠢᠯᠡᠭᠴᠢ ᠵᠢᠴᠢ ᠭᠡᠰᠢᠭᠦᠨ ᠨᠢᠭᠡᠪᠦᠷᠢ  ᠤᠷᠴᠢᠭᠤᠯᠭ᠎ᠠ ᠶᠢᠨ ᠲᠤᠮᠲᠠ ᠲᠤᠬᠢᠶᠠᠯᠲᠤᠭᠰᠠᠨ ᠠᠰᠠᠭᠤᠲᠠᠯ ᠶᠢᠡᠨ ᠲᠤᠰᠬᠠᠵᠤ᠂ ᠤᠷᠤᠰᠢᠵᠤ ᠪᠠᠢᠢᠭ᠎ᠠ ᠠᠰᠠᠭᠤᠲᠠᠯ ᠤᠳ ᠢ ᠬᠡᠷᠬᠢᠨ ᠰᠢᠢᠳᠪᠦᠷᠢᠯᠡᠬᠦ ᠲᠤᠬᠠᠢ ᠰᠤᠲᠤᠯᠤᠨ ᠶᠠᠷᠢᠯᠴᠠᠭᠰᠠᠨ ᠪᠠᠢᠢᠨ᠎᠎ᠠ᠃

    160 ᠲᠦᠮᠡᠨ ᠦᠰᠦᠭ (ᠬᠢᠲᠠᠳ) ᠲᠠᠢ 《ᠴᠠᠬᠠᠷ ᠲᠡᠦᠬᠡ》 ᠭᠤᠷᠪᠠᠨ ᠪᠤᠳᠢ ᠨᠤᠮ ᠤᠨ ᠤᠷᠴᠢᠭᠤᠯᠭ᠎ᠠ ᠶᠢᠨ ᠠᠵᠢᠯ ᠨᠢᠭᠡᠨᠲᠡ ᠡᠬᠢᠯᠡᠵᠦ᠂ ᠲᠦᠯᠦᠪᠯᠡᠭᠡ ᠶᠤᠰᠤᠭᠠᠷ ᠬᠠᠭᠠᠰ ᠢ ᠨᠢ ᠨᠢᠭᠡᠨᠲᠡ ᠲᠠᠭᠤᠰᠭᠠᠵᠤ᠂ ᠤᠷᠴᠢᠭᠤᠯᠬᠤ ᠠᠵᠢᠯ ᠮᠠᠰᠢ ᠤᠷᠤᠭᠰᠢᠲᠠᠢ ᠶᠠᠪᠤᠭᠲᠠᠵᠤ ᠪᠠᠢᠢᠨ᠎ᠠ᠃ (ᠠᠯᠲᠠᠨᠰᠦ᠋ᠬᠡ)

 

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118327592