蒙古文网站Logo
ᠰᠢᠨᠬᠤᠸᠠ ᠮᠤᠩᠭ᠋ᠤᠯ ᠨᠧᠲ

ᠹᠦᠰᠢᠨ ᠬᠤᠲᠠ ᠪᠠᠶᠡᠲᠦ ᠪᠤᠰᠤ ᠰᠤᠶᠤᠯ ᠤᠨ ᠦᠪ ᠢ ᠦᠪᠯᠡᠨ ᠵᠠᠯᠭᠠᠮᠵᠢᠯᠠᠬᠤ ᠭᠠᠵᠠᠷ ᠢ ᠪᠠᠢᠢᠭᠤᠯᠬᠤ ᠶᠢ ᠠᠬᠢᠭᠤᠯᠤᠨ᠎ᠠ

2016-03-16 11:56

    3 ᠰᠠᠷ᠎ᠠ ᠶᠢᠨ 10 ᠤ ᠡᠲᠦᠷ᠂ ᠰᠤᠷᠪᠤᠯᠵᠢᠯᠠᠭᠴᠢ ᠯᠢᠶᠤᠤᠨᠢᠩ ᠮᠤᠵᠢ ᠶᠢᠨ ᠹᠦᠰᠢᠨ ᠬᠤᠲᠠ ᠶᠢᠨ ᠰᠤᠶᠤᠯ ᠷᠠᠳᠢᠤ᠋ ᠲᠸᠯᠸᠢᠰ ᠰᠤᠨᠢᠨ ᠮᠡᠳᠡᠭᠡ ᠬᠡᠪᠯᠡᠯ ᠤᠨ ᠲᠤᠪᠴᠢᠶ᠎ᠠ ᠡᠴᠡ ᠤᠢᠢᠯᠠᠭᠠᠭᠰᠠᠨ ᠶᠢᠡᠷ᠂ ᠡᠨᠡ ᠵᠢᠯ ᠹᠦᠰᠢᠨ ᠬᠤᠲᠠ ᠰᠤᠶᠤᠯ ᠤᠨ ᠦᠪ ᠢ ᠬᠠᠮᠠᠭᠠᠯᠠᠬᠤ ᠬᠦᠴᠦᠯᠡᠴᠡ ᠪᠠᠨ ᠤᠯᠠᠨ ᠨᠢᠭᠡ ᠠᠯᠬᠤᠮ ᠴᠢᠩᠭ᠋ᠳᠬᠠᠨ᠂ ᠲᠡᠦᠬᠡ ᠶᠢᠨ ᠲᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠪᠠ ᠪᠡᠶᠡᠲᠦ ᠪᠤᠰᠤ ᠰᠤᠶᠤᠯ ᠤᠨ ᠦᠪ ᠢ ᠵᠠᠯᠭᠠᠮᠵᠢᠯᠠᠬᠤ ᠠᠵᠢᠯ ᠢ ᠰᠠᠢᠢᠲᠦᠷ ᠬᠢᠬᠦ ᠪᠡᠷ ᠪᠤᠢ᠃ ᠭᠤᠸᠠᠨ ᠱᠠᠨ ᠠᠭᠤᠯᠠᠨ ᠤ ᠯᠢᠶᠤᠤ ᠤᠯᠤᠰ ᠤᠨ ᠤᠩᠭ᠋ᠤᠨᠰᠢᠶᠤᠤ ᠾᠸ ᠶᠢᠨ ᠤᠩᠭ᠋ᠤᠨ ᠢ ᠵᠠᠰᠠᠨ ᠰᠢᠨᠡᠳᠭᠡᠬᠦ ᠳ᠋ᠤ ᠤᠯᠤᠰ ᠤᠨ ᠲᠡᠦᠬᠡ ᠶᠢᠨ ᠲᠤᠷᠠᠰᠬᠠᠯᠲᠤ ᠵᠦᠢᠯ ᠤᠨ ᠲᠤᠪᠴᠢᠶ᠎ᠠ ᠶᠢᠨ ᠵᠦᠪᠰᠢᠶᠡᠷᠡᠯ ᠢ  ᠤᠯᠬᠤ ᠠᠵᠢᠯ ᠢ ᠰᠠᠢᠢᠨ ᠬᠢᠵᠦ᠂ ᠴᠠᠬᠠᠷ ᠪᠠᠭᠤᠷᠢ ᠶᠢᠨ ᠰᠠᠭᠤᠷᠢ ᠲᠦᠭᠦᠭᠡᠷᠦᠮᠵᠢ ᠶᠢᠨ ᠠᠵᠢᠯ ᠢ ᠠᠬᠢᠭᠤᠯᠤᠨ᠎ᠠ᠃ ᠬᠠᠮᠲᠤ ᠳ᠋ᠤᠨᠢ᠂ ᠪᠠᠶᠡᠳᠦ ᠪᠤᠰᠤ ᠰᠤᠶᠤᠯ ᠤᠨ ᠦᠪ ᠢ ᠬᠠᠮᠠᠭᠠᠯᠠᠬᠤ ᠶᠢ ᠠᠬᠢᠭᠤᠯᠵᠤ᠂ ᠪᠡᠶᠡᠲᠦ ᠪᠤᠰᠤ ᠰᠤᠶᠤᠯ ᠤᠨ ᠪᠦᠷᠢᠳᠭᠡᠯ ᠢ ᠪᠦᠷᠢᠨᠰᠢᠭᠦᠯᠵᠦ᠂ ᠪᠡᠶᠡᠲᠦ ᠪᠤᠰᠤ ᠰᠤᠶᠤᠯ ᠤᠨ ᠦᠪ ᠤᠨ ᠲᠦᠰᠦᠯ ᠤᠨ ᠲᠤᠭᠠᠴᠢᠯᠠᠯᠲᠠ ᠶᠢ ᠬᠠᠮᠠᠭᠠᠯᠠᠬᠤ ᠪᠠ ᠳ᠋ᠠᠢᠢᠲ᠋ᠠ ᠬᠦᠮᠦᠷᠭᠡ ᠶᠢ ᠠᠬᠢᠭᠤᠯᠤᠨ᠎ᠠ᠃

    ᠹᠦᠰᠢᠨ ᠬᠤᠲᠠ  ᠪᠡᠶᠡᠲᠦ ᠪᠤᠰᠤ ᠰᠤᠶᠤᠯ ᠤᠨ ᠦᠪ ᠢ ᠤᠯᠠᠮᠵᠢᠯᠠᠬᠤ ᠭᠠᠵᠠᠷ ᠢ ᠪᠦᠲᠦᠭᠡᠨ ᠪᠠᠢᠢᠭᠤᠯᠬᠤ ᠠᠵᠢᠯ ᠢ ᠠᠬᠢᠭᠤᠯᠬᠤ ᠪᠡᠷ ᠪᠠᠷᠠᠬᠤ ᠦᠭᠡᠢ᠂ ᠡᠯ᠎ᠡ ᠲᠦᠷᠦᠯ ᠤᠨ ᠪᠠᠶᠡᠲᠦ ᠪᠤᠰᠤ ᠰᠤᠶᠤᠯ ᠤᠨ ᠦᠪ ᠤᠨ ᠦᠪᠯᠡᠨ ᠵᠠᠯᠭᠠᠮᠵᠢᠯᠠᠭᠴᠢ ᠳ᠋ᠤ ᠪᠠᠲᠤᠯᠠᠭ᠎ᠠ ᠲᠠᠢ ᠨᠦᠬᠦᠴᠡᠯ ᠬᠠᠩᠭ᠋ᠠᠬᠤ ᠪᠡᠷ ᠪᠠᠢᠢᠨ᠎ᠠ᠃

ᠢᠷᠡᠯᠳᠡ᠄ ᠯᠢᠶᠤᠤᠨᠢᠩ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118348187