蒙古文网站Logo
ᠰᠢᠨᠬᠤᠸᠠ ᠮᠤᠩᠭ᠋ᠤᠯ ᠨᠧᠲ

ᠰᠦᠪᠸᠢ᠄ ᠭᠠᠷᠠᠭ ᠤᠨ ᠭᠤᠷᠪᠠᠨ ᠢ 《ᠦᠨᠳᠦᠰᠦᠲᠠᠨ ᠤ ᠬᠤᠪᠴᠠᠰᠦ ᠵᠠᠰᠠᠯ ᠢᠶᠠᠷ ᠭᠤᠶᠤᠯᠠᠬᠤ ᠡᠳᠦᠷ》 ᠪᠤᠯᠭᠠᠵᠠᠢ

2016-03-16 18:09

    ᠤᠯᠠᠮᠵᠢᠯᠠᠯᠲᠤ ᠮᠤᠩᠭ᠋ᠤᠯ ᠬᠤᠪᠴᠠᠰᠦ ᠵᠠᠰᠠᠯ ᠤᠨ ᠰᠤᠶᠤᠯ ᠤᠨ ᠲᠠᠬᠢᠨ ᠳᠡᠯᠭᠡᠷᠡᠬᠦ ᠶᠢᠨ ᠲᠠᠭᠠᠯᠳᠤᠨ ᠭᠠᠨᠰᠦ ᠮᠤᠵᠢ ᠶᠢᠨ ᠰᠦᠪᠸᠢ ᠶᠢᠨ ᠮᠤᠩᠭ᠋ᠤᠯ ᠦᠨᠳᠦᠰᠦᠲᠠᠨ ᠤ ᠦᠪᠡᠷᠲᠡᠭᠡᠨ ᠵᠠᠰᠠᠬᠤ ᠰᠢᠶᠠᠨ ᠤ ᠮᠤᠩᠭ᠋ᠤᠯᠴᠤᠳ ᠤᠨ ᠮᠤᠩᠭ᠋ᠤᠯ ᠳᠡᠷᠯᠢᠭ᠌᠌ ᠢᠶᠠᠨ ᠡᠮᠦᠰᠬᠦ ᠨᠢ ᠤᠯᠠᠮ ᠶᠢᠡᠷ ᠤᠯᠠᠨ ᠤ ᠪᠠᠭ᠋ᠠᠷᠬᠠᠯ ᠪᠤᠯᠵᠠᠢ᠃ ᠭᠠᠷᠠᠭ ᠤᠨ ᠭᠤᠷᠪᠠᠨ ᠪᠤᠯᠬᠤ ᠪᠦᠷᠢ ᠰᠦᠪᠸᠢ ᠰᠢᠶᠠᠨ ᠤ ᠵᠡᠭᠡᠯᠢ ᠭᠤᠲᠤᠮᠵᠢ ᠳᠤ ᠮᠤᠩᠭ᠋ᠤᠯᠳᠡᠷᠯᠢᠭ᠌᠌᠌ ᠢᠶᠠᠨ ᠡᠮᠦᠰᠦᠭᠰᠡᠨ ᠮᠤᠩᠭ᠋ᠤᠯᠴᠤᠳ ᠤᠯᠠᠨ ᠬᠠᠷᠠᠭᠲᠠᠲᠠᠭ᠃ ᠲᠠᠲᠠᠨ ᠤ ᠲᠤᠲᠤᠷ᠎ᠠ ᠠᠯᠪᠠ ᠬᠠᠭᠠᠭᠴᠢ᠂ ᠮᠠᠯᠴᠢᠨ᠂ ᠰᠤᠷᠤᠭᠴᠢ ᠴᠦᠮ ᠪᠠᠶᠢᠲᠠᠭ᠃ ᠭᠠᠨᠰᠦ ᠶᠢᠨ ᠰᠦᠪᠸᠢ ᠶᠢᠨ ᠲᠠᠷᠢᠶᠠᠯᠠᠩ ᠤᠨ ᠷᠠᠳᠢᠤ᠋ ᠲᠸᠯᠸᠢᠰ ᠰᠤᠷᠭᠠᠭᠤᠯᠢ ᠶᠢᠨ ᠠᠵᠢᠯᠲᠠᠨ ᠴᠡᠴᠡᠭ᠄《 ᠰᠦᠪᠸᠢ ᠰᠢᠶᠠᠨ ᠤ ᠬᠢᠨ 2015 ᠤᠨ ᠤ 7 ᠰᠠᠷ᠎ᠠ ᠶᠢᠨ 1 ᠎ ᠤ ᠡᠳᠦᠷ ᠠᠴᠠ ᠤᠯᠤᠰ ᠤᠨ ᠳᠠᠰ ᠤᠨ ᠪᠡᠶᠡᠲᠦ ᠪᠤᠰᠦ ᠰᠤᠶᠤᠯ ᠤᠨ ᠦᠪ ᠴᠠᠰᠤᠳᠤ ᠶᠢᠨ ᠮᠤᠩᠭ᠋ᠤᠯᠴᠤᠳ ᠤᠨ ᠬᠤᠪᠴᠠᠰᠦ ᠵᠠᠰᠠᠯ ᠢ ᠲᠡᠯᠭᠡᠷᠡᠬᠦᠯᠬᠦ ᠡᠳᠦᠷ ᠤᠨ ᠠᠵᠢᠯᠯᠠᠭ᠎ᠠ ᠶᠢ ᠡᠬᠢᠯᠡᠬᠦᠯᠦᠭᠰᠡᠨ ᠠᠴᠠ ᠨᠠᠰᠢ᠂ ᠪᠢᠲᠠ ᠬᠠᠲᠠᠭᠠᠯᠠᠵᠤ ᠪᠠᠶᠢᠬᠰᠠᠨ ᠰᠠᠶᠢᠬᠠᠨ ᠮᠤᠩᠭ᠋ᠤᠯ ᠬᠤᠪᠴᠠᠰᠦ ᠪᠠᠨ ᠭᠠᠷᠭᠠᠵᠤ ᠡᠮᠦᠰᠬᠦ ᠪᠤᠯᠤᠯ᠎ᠠ᠂ ᠤᠲᠤ ᠡᠩ ᠤᠨ ᠨᠢᠭᠡ ᠪᠡᠶ᠎ᠡ ᠦᠪᠴᠢ ᠮᠤᠩᠭ᠋ᠤᠯ ᠬᠤᠪᠴᠠᠰᠦ ᠤᠶᠤᠭᠤᠯᠬᠤ ᠳᠤ ᠪᠠᠭ᠎ᠠ ᠳᠠᠭᠠᠨ 1000 ᠭᠠᠷᠤᠢ ᠳᠦᠬᠦᠷᠢᠭ᠌ ᠤᠷᠤᠵᠤ᠂ ᠵᠠᠰᠠᠯ ᠤᠨ ᠬᠤᠪᠴᠠᠰᠦ ᠬᠢᠬᠦ ᠳᠤ ᠳᠦᠮᠡ ᠭᠠᠷᠤᠢ ᠳᠦᠬᠦᠷᠢᠭ᠌ ᠵᠠᠷᠤᠴᠠᠭᠤᠯᠤᠨ᠎ᠠ᠂ ᠡᠶᠢᠮᠦ ᠬᠤᠪᠴᠠᠰᠦ ᠶᠢ ᠪᠠᠶᠠᠷ ᠨᠠᠶᠢᠷ ᠲᠤ ᠯᠠ ᠡᠮᠦᠰᠳᠡᠭ ᠪᠤᠯᠬᠤᠷ ᠶᠡᠷᠦ ᠶᠢᠨ ᠴᠠᠭ ᠲᠤ ᠬᠠᠲᠠᠭᠠᠯᠠᠵᠤ ᠲᠠᠯᠪᠢᠲᠠᠭ᠂ᠦᠨᠡᠭᠡᠷ ᠬᠠᠷᠠᠮᠰᠠᠯᠲᠠᠢ ᠪᠠᠶᠢᠬᠰᠠᠨ᠂ ᠤᠲᠤ ᠭᠠᠷᠭᠠᠵᠤ ᠡᠮᠦᠰᠬᠦ ᠳ᠋ᠤ ᠦᠨᠡᠬᠡᠷ ᠰᠠᠢᠢᠬᠠᠨᠶᠤᠮ》ᠭᠡᠵᠦ ᠬᠡᠯᠡᠨ᠎ᠡ᠃

    ᠰᠦᠪᠸᠢ ᠰᠢᠶᠠᠨ ᠤ ᠬᠢᠨ ᠭᠠᠷᠠᠭ ᠤᠨ ᠭᠤᠷᠪᠠᠨ ᠤ ᠡᠳᠦᠷ ᠢᠦᠨᠳᠦᠰᠦᠲᠠᠨ ᠤ ᠬᠤᠪᠴᠠᠰᠦ ᠵᠠᠰᠠᠯ ᠢᠶᠠᠷ ᠭᠤᠶᠤᠯᠠᠬᠤ ᠡᠳᠦᠷᠪᠤᠯᠭᠠᠭᠰᠠᠨ ᠢᠶᠠᠷ ᠦᠨᠳᠦᠰᠦᠲᠠᠨ ᠤ ᠤᠨᠴᠠᠯᠢᠭ ᠢ ᠬᠠᠷᠠᠭᠤᠯᠤᠬᠰᠠᠨ ᠮᠤᠩᠭ᠋ᠤᠯ ᠬᠤᠪᠴᠠᠰᠦ ᠵᠠᠰᠠᠯ ᠨᠢ ᠵᠡᠭᠡᠯᠢ ᠭᠤᠲᠤᠮᠵᠢ ᠶᠢᠨ ᠨᠢᠭᠡ ᠭᠤᠶᠤ ᠦᠵᠡᠮᠦᠷᠢ ᠪᠤᠯᠵᠠᠢ᠃ ᠡᠨᠡᠬᠦ ᠠᠵᠢᠯᠯᠠᠭ᠎ᠠ ᠳᠤ ᠨᠡᠶᠢᠭᠡᠮ ᠨᠡᠶᠢᠲᠡ ᠎ ᠪᠠᠷ ᠢᠶᠠᠨ ᠢᠲᠡᠪᠬᠢᠲᠠᠢ ᠤᠷᠤᠯᠴᠠᠭᠰᠠᠨ ᠢᠶᠠᠷ ᠮᠤᠩᠭ᠋ᠤᠯ ᠬᠤᠪᠴᠠᠰᠦ ᠨᠢ ᠡᠳᠦᠷ ᠳᠤᠳᠤᠮ ᠤᠨ ᠬᠤᠪᠴᠠᠰᠦ᠂ ᠨᠡᠶᠢᠭᠡᠮ ᠲᠠᠶᠠᠭᠠᠷ ᠡᠮᠦᠰᠳᠡᠭ ᠬᠤᠪᠴᠠᠰᠦ ᠪᠤᠯᠵᠤ᠂ ᠴᠠᠰᠦᠲᠤ ᠶᠢᠨ ᠮᠤᠩᠭ᠋ᠤᠯᠴᠤᠳ ᠤᠨ ᠬᠤᠪᠴᠠᠰᠦ ᠵᠠᠰᠠᠯ ᠤᠨ ᠰᠤᠶᠤᠯ ᠢ ᠤᠯᠠᠮ ᠴᠢᠨᠠᠬᠰᠢᠳᠠ ᠵᠠᠯᠭᠠᠮᠵᠢᠯᠠᠨ ᠳᠡᠯᠭᠡᠷᠡᠬᠦᠯᠦᠨ᠎ᠡ᠃

 

ᠢᠷᠡᠯᠳᠡ᠄ ᠲᠤᠮᠲᠠᠲᠤ ᠤᠯᠤᠰ ᠤᠨ ᠮᠤᠩᠭ᠋ᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118352920