蒙古文网站Logo
ᠰᠢᠨᠬᠤᠸᠠ ᠮᠤᠩᠭ᠋ᠤᠯ ᠨᠧᠲ

ᠪᠤᠷᠤᠲᠠᠯ᠎ᠠ-ᠦᠷᠦᠮᠴᠢ-ᠦᠬᠠᠨ ᠤ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠦᠨ᠎ᠠ

2016-03-18 17:17

    3 ᠰᠠᠷ᠎ᠠ ᠶᠢᠨ 10 ᠤ ᠡᠲᠦᠷ᠂ ᠰᠤᠷᠪᠤᠯᠵᠢᠯᠠᠭᠴᠢ ᠨᠠᠨ ᠹᠠᠩ ᠠᠭᠠᠷ ᠠᠶᠠᠯᠠᠯ ᠤᠨ ᠺᠤᠮᠫᠠᠨᠢ ᠶᠢᠨ ᠰᠢᠨᠵᠢᠶᠠᠩ ᠳ᠋ᠡᠬᠢ ᠰᠠᠯᠪᠤᠷᠢ ᠡᠴᠡ ᠤᠢᠢᠯᠠᠭᠠᠭᠰᠠᠨ ᠶᠢᠡᠷ᠂ 3 ᠰᠠᠷ᠎ᠠ ᠶᠢᠨ 28 ᠤ ᠡᠲᠦᠷ ᠡᠴᠡ ᠪᠤᠷᠤᠲᠠᠯ᠎ᠠᠦᠷᠦᠮᠴᠢᠦᠬᠠᠨ ᠤ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠦᠨ᠎ᠠ᠃ ᠲᠤᠰ ᠠᠭᠠᠷ ᠠᠶᠠᠯᠠᠯ ᠤᠨ ᠨᠡᠪᠲᠡᠷᠡᠬᠦ ᠨᠢ ᠪᠤᠷᠤᠲᠠᠯ᠎ᠠ ᠡᠴᠡ ᠲᠤᠲᠤᠷ ᠭᠠᠵᠠᠷ ᠤᠨ ᠬᠤᠲᠠ ᠳ᠋ᠤ ᠰᠢᠭᠤᠳ ᠬᠦᠷᠬᠦ ᠠᠭᠠᠷ ᠠᠶᠠᠯᠠᠯ ᠤᠨ ᠱᠤᠭᠤᠮ ᠪᠤᠯᠤᠨ᠎ᠠ᠃

    ᠪᠤᠷᠤᠲᠠᠯ᠎ᠠ ᠪᠤᠯ ᠰᠢᠨᠵᠢᠶᠠᠩ ᠤᠨ ᠪᠠᠷᠠᠭᠤᠨ ᠬᠡᠰᠡᠭ ᠤᠨ ᠭᠤᠤᠯᠲᠠᠯᠭᠠᠲᠤ ᠬᠤᠲᠠ᠂ ᠤᠯᠤᠰ ᠤᠨ ᠨᠢᠭᠡᠲᠦᠭᠡᠷ ᠵᠡᠷᠭᠡᠯᠡᠯ ᠤᠨ ᠨᠡᠭᠡᠭᠡᠯᠲᠡ ᠲᠠᠢ ᠠᠯᠠᠭ ᠠᠭᠤᠯᠨ ᠶᠢᠨ ᠠᠮᠠᠨ ᠪᠤᠭᠤᠮᠲᠠ ᠡᠨᠳᠡ ᠪᠠᠢᠢᠷᠢᠯᠠᠵᠤ᠂ ᠺᠠᠽᠠᠭᠰᠲ᠋ᠠᠨ ᠤᠯᠤᠰ ᠲᠠᠢ ᠬᠢᠯᠢᠯᠡᠭᠰᠡᠨ ᠲᠤᠮᠲᠠᠲᠤ ᠤᠯᠤᠰ ᠤᠨ ᠪᠠᠷᠠᠭᠤᠨ ᠤᠷᠤᠨ ᠤ ᠴᠢᠬᠤᠯᠠ ᠬᠢᠯᠢ ᠶᠢᠨ ᠨᠡᠭᠡᠭᠡᠯᠲᠡᠲᠦ ᠬᠤᠲᠠ᠂ ᠦᠬᠠᠨ ᠬᠤᠲᠠ ᠪᠤᠯ ᠲᠤᠲᠤᠷ ᠭᠠᠵᠠᠷ ᠤᠨ ᠠᠵᠢᠯ ᠲᠦᠷᠦᠯ ᠶᠢᠡᠷ ᠪᠤᠷᠤᠲᠠᠯ᠎ᠠ ᠬᠤᠲᠠ ᠶᠢ ᠲᠡᠮᠵᠢᠬᠦ ᠪᠦᠲᠦᠭᠡᠨ ᠪᠠᠢᠢᠭᠤᠯᠤᠯᠲᠠ ᠶᠢᠨ ᠲᠦᠰᠦᠯ ᠤᠨ ᠤᠷᠤᠨ ᠪᠤᠯᠤᠨ᠎ᠠ᠃ ᠪᠤᠷᠤᠲᠠᠯ᠎ᠠᠦᠬᠠᠨ ᠤ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠬᠦ ᠨᠢ ᠰᠢᠨᠵᠢᠶᠠᠩ ᠤᠨ ᠤᠯᠠᠨ ᠲᠦᠮᠡᠨ ᠤ ᠭᠠᠲᠠᠭᠰᠢ ᠶᠠᠪᠤᠵᠤ ᠰᠠᠭᠤᠬᠤ ᠳ᠋ᠤ ᠲᠦᠭᠦᠮ ᠦᠵᠡᠬᠦᠯᠦᠭᠰᠡᠨ ᠶᠢᠡᠷ ᠪᠠᠷᠠᠬᠤ ᠦᠭᠡᠢ᠂ ᠲᠤᠲᠤᠷ ᠭᠠᠵᠠᠷ ᠤᠨ ᠬᠤᠲᠠ ᠶᠢᠨ ᠰᠢᠨᠵᠢᠶᠠᠩ ᠢ ᠲᠡᠮᠵᠢᠬᠦ᠂ ᠪᠤᠷᠤᠲᠠᠯ᠎ᠠ ᠶᠢ ᠲᠡᠮᠵᠢᠬᠦ᠂ ᠰᠢᠨᠵᠢᠶᠠᠩ ᠤᠨ ᠠᠵᠤ ᠠᠬᠤᠢ ᠶᠢᠨ ᠬᠦᠭ᠍ᠵᠢᠯᠲᠠ ᠳ᠋ᠤ ᠬᠦᠴᠦᠨ ᠨᠡᠮᠡᠷᠢᠯᠡᠵᠦ᠂ ᠬᠤᠶᠠᠷ ᠭᠠᠵᠠᠷ ᠤᠨ ᠠᠵᠤ ᠠᠬᠤᠢ ᠶᠢᠨ ᠬᠠᠮᠲᠤ ᠶᠢᠨ  ᠬᠦᠭ᠍ᠵᠢᠯᠲᠠ ᠶᠢ ᠠᠬᠢᠭᠤᠯᠤᠨ᠎ᠠ᠃

 

ᠢᠷᠡᠯᠳᠡ᠄ ᠲᠢᠶᠠᠨ ᠱᠠᠨ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118377621