蒙古文网站Logo
ᠰᠢᠨᠬᠤᠸᠠ ᠮᠤᠩᠭ᠋ᠤᠯ ᠨᠧᠲ

ᠬᠦᠬᠡᠰᠢᠯᠢ ᠶᠢᠨ ᠪᠠᠶᠢᠭᠠᠯᠢ ᠶᠢᠨ ᠦᠪ ᠤᠨ ᠤᠷᠤᠨ ᠢ ᠬᠠᠮᠠᠭᠠᠯᠠᠯᠲᠠ ᠳᠤ ᠤᠷᠤᠭᠤᠯᠪᠠ

2016-03-28 15:04

ᠵᠢᠷᠤᠬ ᠢ ᠨᠧᠲ ᠡᠴᠡ

    ᠬᠥᠬᠡᠨᠠᠭᠤᠷ ᠮᠤᠵᠢ ᠶ᠋ᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭ᠋ᠤ ᠶ᠋ᠢᠨ ᠬᠣᠷᠢᠶᠠᠨ ᠡᠴᠠ 25 ᠤ ᠡᠳᠦᠷ《ᠬᠥᠬᠡᠨᠠᠭᠤᠷ ᠮᠤᠵᠢ ᠶ᠋ᠢᠨ ᠬᠥᠬᠡᠰᠢᠯᠢ ᠶ᠋ᠢᠨ ᠪᠠᠶᠢᠭᠠᠯᠢ ᠶ᠋ᠢᠨ ᠥᠪ ᠤᠨ ᠣᠷᠣᠨ ᠢ ᠬᠠᠮᠠᠭᠠᠯᠠᠬᠤ ᠳᠦᠷᠢᠮ》 ᠢ ᠬᠢᠨᠠᠨ ᠵᠥᠪᠯᠡᠵᠦ ᠪᠠᠲᠤᠯᠠᠭᠰᠠᠨ ᠶᠠᠪᠤᠳᠠᠯ ᠨᠢ ᠣᠷᠣᠩ᠋ᠭᠤ ᠶ᠋ᠢᠨ ᠨᠤᠲᠤᠭ ᠪᠣᠯᠬᠤ ᠬᠥᠬᠡᠰᠢᠯᠢ ᠶ᠋ᠢ ᠬᠠᠤᠯᠢ ᠪᠠᠷ ᠬᠠᠮᠠᠭᠠᠯᠠᠯᠲᠠ ᠣᠷᠣᠭᠤᠯᠤᠭᠰᠠᠨ ᠢ ᠬᠠᠷᠠᠭᠤᠯᠵᠤ ᠪᠠᠶᠢᠨ᠎ᠠ᠃

    ᠳᠦᠷᠢᠮ ᠳᠤ ᠲᠣᠭᠲᠠᠭᠠᠬᠤ ᠳ᠋ᠠᠭᠠᠨ᠂ ᠬᠥᠬᠡᠰᠢᠯᠢ ᠶ᠋ᠢᠨ ᠪᠠᠶᠢᠭᠠᠯᠢ ᠶ᠋ᠢᠨ ᠥᠪ ᠦᠨ ᠣᠷᠣᠨ ᠤ ᠠᠭᠤᠯᠠ ᠬᠠᠳᠠ ᠴᠢᠯᠠᠭᠤ᠂ ᠰᠢᠪᠡᠷ ᠰᠢᠷᠣᠢ ᠶ᠋ᠢ ᠬᠥᠳᠡᠯᠭᠡᠬᠦ ᠪᠠ ᠠᠭᠤᠯᠠ ᠠᠭᠤᠷᠬᠠᠢ ᠨᠡᠭᠡᠭᠡᠬᠦ ᠶ᠋ᠢ ᠡᠷᠡᠰ ᠬᠤᠷᠢᠬᠯᠠᠨ᠎ᠠ᠃ ᠬᠡᠭᠡᠷ᠎ᠡ ᠶ᠋ᠢᠨ ᠠᠮᠢᠲᠠᠨ ᠤ ᠨᠡᠭᠦᠳᠡᠯᠯᠡᠨ ᠰᠢᠯᠵᠢᠬᠦ᠂ ᠣᠷᠣᠩᠨᠠᠵᠤ ᠦᠷᠡᠵᠢᠬᠦ ᠶ᠋ᠢ ᠬᠦᠨᠳᠦ ᠨᠣᠴᠢᠲᠠᠢ ᠬᠠᠷᠰᠢᠯᠠᠨ ᠨᠥᠯᠥᠭᠡᠯᠡᠬᠦ ᠪᠠᠷᠢᠯᠭ᠎ᠠ ᠪᠠᠶᠢᠭᠤᠯᠤᠯᠲᠠ ᠬᠢᠬᠦ᠂ ᠠᠶᠠᠯᠠᠯ ᠵᠢᠭᠤᠯᠴᠢᠯᠠᠯ ᠢ ᠨᠡᠭᠡᠭᠡᠵᠦ ᠬᠥᠭ᠍ᠵᠢᠭᠦᠯᠬᠦ᠂ ᠦᠢᠯᠡᠳᠪᠦᠷᠢᠯᠡᠯ ᠡᠵᠡᠩᠨᠡᠯᠲᠡ ᠬᠢᠬᠦ ᠶ᠋ᠢ ᠡᠷᠡᠰ ᠬᠤᠷᠢᠬᠯᠠᠨ᠎ᠠ ᠃ ᠪᠠᠶᠢᠭᠠᠯᠢ ᠶ᠋ᠢᠨ ᠥᠪ ᠦᠨ ᠣᠷᠣᠨ ᠳ᠋ᠠᠬᠢ ᠬᠢᠯᠢ ᠶ᠋ᠢᠨ ᠱᠤᠩ᠂ ᠬᠢᠯᠢ ᠶ᠋ᠢᠨ ᠬᠥᠰᠢᠶ᠎ᠡ ᠪᠠ ᠠᠮᠤᠷ ᠲᠦᠪᠰᠢᠨ ᠦ ᠢᠯᠡᠷᠬᠡᠶᠢᠯᠡᠯ ᠵᠡᠷᠭᠡ ᠫᠠᠶᠢᠰᠠ ᠲᠡᠮᠳᠡᠭ ᠢ ᠳᠤᠷ᠎ᠠ ᠪᠠᠷ ᠢᠶᠡᠨ ᠰᠢᠯᠵᠢᠭᠦᠯᠬᠦ ᠪᠤᠶᠤ ᠡᠪᠳᠡᠯᠡᠨ ᠵᠥᠷᠢᠴᠡᠬᠦ ᠶ᠋ᠢ ᠴᠢᠨᠭᠭ᠎ᠠ ᠬᠤᠷᠢᠬᠯᠠᠨ᠎ᠠ ᠃ ᠳᠡᠭᠡᠷᠡᠬᠢ ᠳᠦᠷᠢᠮ ᠲᠣᠭᠲᠠᠭᠠᠯ ᠢ ᠵᠥᠷᠢᠴᠡᠪᠡᠯ 3000 ᠲᠥᠭᠥᠷᠢᠭ᠌ ᠡᠴᠡ 60 ᠲᠦᠮᠡᠨ ᠲᠥᠭᠥᠷᠢᠭ᠌ ᠶᠢᠡᠷ ᠲᠣᠷᠭᠣᠭᠠᠬᠤ ᠶ᠋ᠢᠨ ᠬᠠᠮᠲᠤ ᠬᠠᠤᠯᠢ ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ ᠭᠡᠵᠡᠢ᠃

ᠢᠷᠡᠯᠳᠡ᠄ ᠳᠤᠮᠳᠠᠳᠤ ᠤᠯᠤᠰ ᠤᠨ ᠮᠤᠨᠭᠭᠤᠯ ᠷᠠᠳᠢᠤ᠋ ᠰᠦᠯᠵᠢᠶ᠎ᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118464336