蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠠᠭᠠᠷ ᠤᠨ ᠲᠤᠯᠠᠭᠠᠨ ᠦᠨᠳᠦᠷ ᠰᠠᠯᠬᠢᠨ ᠤ ᠬᠦᠴᠦ ᠴᠢᠩ᠋ᠭ᠎᠎ᠠ ᠪᠤᠯᠬᠤᠷ ᠲᠦᠢᠮᠡᠷ ᠭᠠᠷᠬᠤ ᠶᠢ ᠰᠡᠷᠭᠡᠢᠢᠯᠡᠬᠦ ᠴᠢᠬᠤᠯᠠᠲᠠᠢ

2016-03-29 11:22

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 3 ᠰᠠᠷ᠎ᠠ ᠶᠢᠨ 29 ᠤ ᠡᠲᠦᠷ ᠤᠨ ᠴᠠᠬᠢᠯᠭᠠᠨ ᠮᠡᠳᠡᠭᠡ (ᠬ·ᠦᠵᠡᠰᠭᠦᠯᠡᠩ)ᠢᠷᠡᠬᠦ ᠲᠠᠪᠤᠨ ᠬᠤᠨᠤᠭ ᠲᠤ ᠦᠪᠦᠷ ᠮᠤᠩᠭ᠋ᠤᠯ ᠤᠨ ᠵᠡᠬᠦᠨ ᠬᠡᠰᠡᠭ ᠲᠤ4ᠲᠡᠰ ᠤᠷᠴᠢᠮ ᠰᠠᠯᠬᠢ ᠲᠠᠢ ᠂ ᠠᠮᠠᠷᠬᠠᠨ ᠲᠦᠢᠮᠡᠷ  ᠭᠠᠷᠴᠦ ᠮᠡᠳᠡᠨ᠎ᠠ᠃ 3ᠰᠠᠷ᠎ᠠ ᠵᠢᠨ16 ᠤ ᠡᠲᠦᠷ ᠡᠴᠡ 25 ᠤ ᠡᠳᠦᠷ ᠪᠤᠯᠳᠠᠯ᠎ᠠ ᠦᠪᠦᠷ ᠮᠤᠩᠭ᠋ᠤᠯ ᠤᠨ ᠠᠭᠠᠷ ᠤᠨ ᠲᠤᠮᠳᠠᠴᠢ ᠲᠤᠯᠠᠭᠠᠨ ᠶᠡᠷᠤ ᠵᠢᠨ ᠵᠢᠯ ᠤᠨ ᠬᠢ ᠲᠠᠢ ᠠᠳᠠᠯᠢᠳᠬᠠᠪᠠᠯ᠂ ᠨᠡᠶᠢᠳᠡᠮ  ᠳᠡᠬᠡᠨ ᠵᠢᠭᠠᠬᠠᠨ ᠦᠨᠳᠦᠷ ᠮᠦᠷᠳᠡᠬᠡᠨ ᠶᠡᠬᠡᠩᠬᠢ ᠭᠠᠵᠠᠷ ᠤᠨ ᠠᠭᠠᠷ ᠤᠨ ᠲᠤᠯᠠᠭᠠᠨ4ᠡᠴᠡ8ᠭᠷᠠᠳᠦ᠋ᠰ ᠦᠨᠳᠦᠷ ᠪᠤᠯᠤᠭᠰᠠᠨ ᠪᠠᠶᠢᠨ᠎ᠠ᠃ ᠡᠬᠦᠨ ᠳᠤ᠂ ᠬᠦᠯᠦᠨ ᠪᠤᠶᠢᠷ ᠤᠨ ᠵᠡᠬᠦᠨ ᠭᠤᠷᠪᠠᠨ ᠬᠤᠰᠢᠭᠤᠨ ᠤ ᠠᠭᠠᠷ ᠤᠨ ᠲᠤᠯᠠᠭᠠᠨ89.3ᠭ᠍ᠷᠠᠳᠦ᠋ᠰ ᠦᠨᠳᠦᠷ ᠪᠤᠯᠵᠠᠢ᠃ ᠡᠮᠦᠨ᠎᠎ᠠ10ᠬᠤᠨᠤᠭ ᠤᠨ ᠬᠤᠷ᠎ᠠ ᠲᠤᠨᠤᠲᠠᠰᠤ  ᠦᠩᠬᠡᠷᠡᠭᠰᠡᠨ ᠵᠢᠯ ᠤᠳ ᠲᠠᠢ ᠠᠳᠠᠯᠢᠳᠬᠠᠪᠠᠯ᠂ ᠦᠪᠦᠷ ᠮᠤᠩᠭ᠋ᠤᠯ ᠤᠨ ᠲᠤᠮᠲᠠ ᠪᠠᠷᠠᠭᠤᠨ ᠬᠡᠰᠡᠭ᠂ ᠵᠡᠬᠦᠨ ᠬᠤᠶᠢᠳᠤ ᠬᠡᠰᠡᠭ ᠲᠤ 50%ᠡᠴᠡ 100%ᠪᠡᠷ ᠪᠠᠭᠠᠰᠪᠠ᠃ ᠲᠠᠭᠠᠭᠤᠯᠢ ᠤᠳᠤᠨ ᠤ ᠠᠯᠤᠰ ᠰᠡᠷᠡᠯ ᠤᠨ ᠬᠡᠮᠵᠢᠯᠳᠡ ᠵᠢᠨ ᠮᠠᠲ᠋ᠸᠷᠢᠶᠠᠯ ᠳ᠋ᠤ ᠬᠠᠷᠠᠭᠤᠯᠤᠭᠰᠠᠨ ᠶᠢᠡᠷ ᠂ ᠤᠳᠤᠬᠠᠨ ᠳᠤ ᠦᠪᠦᠷ ᠮᠤᠩᠭ᠋ᠤᠯ ᠤᠨ ᠬᠦᠯᠦᠨ ᠪᠤᠶᠢᠷ ᠤᠨ  ᠤᠶᠢᠳᠤ ᠤᠷᠤᠨ᠂ ᠬᠢᠡᠭᠭᠠᠨ ᠤ ᠪᠠᠷᠠᠭᠤᠨ ᠬᠤᠶᠢᠳᠤ ᠬᠡᠰᠡᠭ ᠂ ᠰᠢᠯᠢ ᠵᠢᠨ ᠭᠤᠤᠯ ᠤᠨ ᠵᠡᠬᠦᠨ ᠬᠡᠰᠡᠭ  ᠮᠦᠨ ᠴᠠᠰᠤᠨ ᠳᠤ ᠬᠤᠴᠢᠭᠳᠠᠭᠰᠠᠭᠠᠷ ᠪᠠᠶᠢᠨ᠎ᠠ᠃

    ᠤᠷᠢᠳᠴᠢᠯᠠᠨ ᠲᠤᠭᠠᠴᠠᠭᠠᠯᠠᠬᠤ ᠪᠡᠷ ᠢᠷᠡᠬᠦ ᠲᠠᠪᠤᠨ ᠬᠤᠨᠤᠭ ᠲᠤ᠂ ᠦᠪᠦᠷ ᠮᠤᠩᠭ᠋ᠤᠯ ᠤᠨ ᠵᠡᠬᠦᠨ ᠬᠤᠶᠢᠳᠤ ᠬᠡᠰᠡᠭ᠂ ᠲᠤᠮᠳᠠ ᠬᠡᠰᠡᠭ ᠤᠨ ᠬᠤᠶᠢᠭᠤᠷᠬᠢ ᠭᠠᠵᠠᠷ ᠨᠤᠳᠤᠭ ᠪᠤᠯᠤᠨ ᠪᠠᠷᠠᠭᠤᠨ ᠬᠡᠰᠡᠭ ᠤᠨ ᠡᠮᠦᠨᠡᠬᠦᠷᠬᠢ ᠭᠠᠵᠠᠷ ᠲᠤ ᠪᠠᠭ᠎ᠠ ᠪᠤᠷᠤᠭ᠎ᠠ ᠪᠤᠶᠤ ᠪᠤᠷᠤᠭ᠎ᠠ ᠴᠠᠰᠤ ᠬᠤᠯᠢᠯᠲᠤᠨ ᠤᠷᠤᠵᠦ᠂ ᠡᠯ᠎ᠠ ᠭᠠᠵᠠᠷ ᠤᠨ ᠰᠠᠯᠬᠢᠨ ᠤ ᠬᠦᠴᠦ 4 ᠲᠡᠰ ᠲᠤ ᠬᠦᠷᠴᠦ᠂27 ᠤ ᠡᠲᠦᠷ ᠡᠴᠡ 29 ᠤ ᠡᠲᠦᠷ ᠪᠤᠯᠳᠠᠯ᠎ᠠ ᠵᠡᠬᠦᠨ ᠬᠤᠶᠢᠳᠤ ᠬᠡᠰᠡᠭ ᠤᠨ ᠰᠠᠯᠬᠢᠨ ᠤ ᠬᠦᠴᠦ 5 ᠲᠡᠰ ᠤᠷᠴᠢᠮ ᠳᠤ ᠬᠦᠷᠴᠦ᠂ ᠲᠦᠢᠮᠡᠷ ᠭᠠᠷᠴᠦ ᠮᠡᠳᠡᠬᠦ ᠪᠤᠯᠬᠤᠷ ᠬᠢᠴᠢᠶᠡᠬᠦ ᠴᠢᠬᠤᠯᠠᠳᠠᠢ ᠭᠡᠵᠦ ᠴᠠᠭ ᠠᠭᠤᠷ ᠤᠨ ᠰᠠᠯᠠᠭ᠎ᠠ ᠮᠦᠴᠢᠷ ᠤᠨ ᠬᠢᠨ ᠰᠠᠨᠠᠭᠤᠯᠵᠤ ᠪᠠᠢᠢᠨ᠎ᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118474463