蒙古文网站Logo
ᠰᠢᠨᠬᠤᠸᠠ ᠮᠤᠩᠭ᠋ᠤᠯ ᠨᠧᠲ

31 ᠤ ᠡᠲᠦᠷ ᠡᠴᠡ ᠦᠪᠦᠷ ᠮᠤᠩᠭ᠋ᠤᠯ ᠳ᠋ᠤ ᠬᠦᠢᠲᠠᠨ ᠠᠭᠤᠷ ᠠᠮᠢᠰᠬᠤᠯ ᠢᠯᠡᠷᠡᠨ᠎ᠡ

2016-03-30 14:47

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 3 ᠰᠠᠷ᠌᠎ᠠ ᠶᠢᠨ 30 ᠤ ᠡᠲᠦᠷ ᠤᠨ ᠴᠠᠬᠢᠯᠭᠠᠨ ᠮᠡᠳᠡᠭᠡ ( ᠬ·ᠦᠵᠡᠰᠭᠦᠯᠡᠩ) 3 ᠰᠠᠷ᠎ᠠ ᠶᠢᠨ 31 ᠤ ᠡᠲᠦᠷ ᠡᠴᠡ 4 ᠰᠠᠷ᠎ᠠ ᠶᠢᠨ 3 ᠤ ᠡᠲᠦᠷ ᠪᠤᠯᠲᠠᠯ᠎ᠠ᠂ ᠦᠪᠦᠷ ᠮᠤᠩᠭ᠋ᠤᠯ ᠳ᠋ᠤ ᠬᠦᠢᠲᠠᠨ ᠠᠭᠤᠷ ᠠᠮᠢᠰᠬᠤᠯ ᠢᠯᠡᠷᠡᠨ᠎ᠡ᠃ ᠪᠦᠬᠦ ᠤᠷᠤᠨ ᠤ ᠶᠡᠬᠡᠩᠬᠢ ᠬᠡᠰᠡᠭ ᠲᠤ ᠠᠭᠠᠷ ᠤᠨ ᠲᠤᠯᠠᠭᠠᠨ ᠲᠤᠷᠤᠭᠰᠢᠯᠠᠵᠤ ᠶᠡᠬᠡ ᠰᠠᠯᠬᠢ ᠲᠠᠢ ᠴᠠᠭ ᠠᠭᠠᠷ ᠢᠯᠡᠷᠡᠨ᠂ ᠲᠤᠮᠲᠠ ᠵᠡᠬᠦᠨ ᠬᠡᠰᠡᠭ ᠲᠤ ᠬᠤᠷ᠎ᠠ ᠲᠤᠨᠤᠲᠠᠰᠤ ᠪᠠᠭᠤᠵᠤ᠂ ᠲᠤᠮᠲᠠ ᠪᠠᠷᠠᠭᠤᠨ ᠬᠡᠰᠡᠭ ᠤᠨ ᠬᠤᠢᠢᠭᠤᠷᠬᠢ ᠭᠠᠵᠠᠷ ᠲᠤ ᠡᠯᠡᠰᠦᠨ ᠰᠢᠭᠤᠷᠭ᠎ᠠ ᠲᠡᠭᠲᠡᠨ᠎ᠡ᠃

    3 ᠰᠠᠷ᠎ᠠ ᠶᠢᠨ 31 ᠤ ᠡᠲᠦᠷ ᠤᠨ 8᠄ 00 ᠴᠠᠭ ᠡᠴᠡ 4  ᠰᠠᠷ᠎ᠠ ᠶᠢᠨ 2 ᠤᠨ ᠡᠲᠦᠷ ᠤᠨ 20᠄ 00 ᠴᠠᠭ ᠪᠤᠯᠲᠠᠯ᠎᠎ᠠ᠂ ᠬᠦᠬᠡᠬᠤᠲᠠ ᠡᠴᠡ ᠵᠡᠬᠦᠨᠰᠢᠬᠢ ᠭᠠᠵᠠᠷ ᠲᠤ ᠬᠤᠷ᠎ᠠ ᠲᠤᠨᠤᠲᠠᠰᠤ ᠪᠠᠭᠤᠨ᠎ᠠ᠃ ᠬᠦᠬᠡᠬᠤᠲᠠ ᠶᠢᠨ ᠡᠮᠦᠨᠡᠲᠦ ᠬᠡᠰᠡᠭ᠂ ᠤᠯᠠᠭᠠᠨᠴᠠᠪ ᠤᠨ ᠲᠤᠮᠲᠠ᠂ ᠡᠮᠦᠨ᠎ᠡ ᠬᠡᠰᠡᠭ᠂ ᠰᠢᠯᠢ ᠶᠢᠨ ᠭᠤᠤᠯ᠂ ᠤᠯᠠᠭᠠᠨᠬᠠᠲᠠ᠂ ᠲᠦᠩᠯᠢᠶᠤᠤ᠂ ᠬᠢᠩᠭ᠋ᠠᠨ ᠤ ᠲᠤᠮᠲᠠ᠂ ᠡᠮᠦᠨ᠎ᠡ ᠬᠡᠰᠡᠭ ᠲᠤ ᠪᠠᠭ᠎ᠠ ᠪᠤᠷᠤᠭᠠᠨ ᠤᠷᠤᠵᠤ ᠪᠠᠢᠢᠭᠰᠠᠨ ᠢᠶᠡᠨ ᠪᠤᠷᠤᠭᠠᠨ ᠴᠠᠰᠤ ᠬᠤᠯᠢᠯᠲᠤᠨ ᠤᠷᠤᠨ᠎ᠠ᠂ ᠲᠤᠨᠤᠲᠠᠰᠤᠨ ᠤ ᠬᠡᠮᠵᠢᠶ᠎ᠠ 0.19.9 ᠮᠢᠯᠢᠮᠸᠲ᠋ᠷ ᠲᠤ ᠬᠦᠷᠦᠨ᠎ᠡ᠃ ᠡᠭᠦᠨ ᠳ᠋ᠤ ᠤᠯᠠᠭᠠᠨᠬᠠᠲᠠ ᠶᠢᠨ ᠪᠠᠷᠠᠭᠤᠨ ᠬᠡᠰᠡᠭ ᠲᠤ ᠲᠤᠮᠲᠠ ᠵᠡᠷᠭᠡ ᠶᠢᠨ ᠪᠤᠷᠤᠭᠠᠨ ᠪᠤᠶᠤ ᠪᠤᠷᠤᠭᠠᠨ ᠴᠠᠰᠤ ᠬᠤᠯᠢᠯᠲᠤᠨ ᠤᠷᠤᠵᠤ᠂ ᠲᠤᠨᠤᠲᠠᠰᠤᠨ ᠤ ᠬᠡᠮᠵᠢᠶ᠎ᠠ 9.920.0 ᠮᠢᠯᠢᠮᠸᠲ᠋ᠷ ᠲᠤ ᠬᠦᠷᠦᠨ᠎ᠡ᠂ ᠰᠢᠯᠢ ᠶᠢᠨ ᠭᠤᠤᠯ ᠤᠨ ᠵᠡᠬᠦᠨ ᠬᠤᠢᠢᠲᠤ ᠬᠡᠰᠡᠭ᠂ ᠬᠢᠩᠭ᠋ᠠᠨ ᠤ ᠪᠠᠷᠠᠭᠤᠨ ᠬᠤᠢᠢᠲᠤ ᠬᠡᠰᠡᠭ᠂ ᠬᠦᠯᠦᠨ ᠪᠤᠢᠢᠷ ᠤᠨ ᠶᠡᠬᠡᠩᠬᠢ ᠬᠡᠰᠡᠭ ᠲᠤ ᠪᠤᠷᠤᠭᠠᠨ ᠴᠠᠰᠤ ᠬᠤᠯᠢᠯᠲᠤᠨ ᠤᠷᠤᠬᠤ ᠪᠤᠶᠤ ᠲᠤᠮᠲᠠ ᠵᠡᠷᠭᠡ ᠶᠢᠨ ᠴᠠᠰᠤ ᠤᠷᠤᠵᠤ᠂ ᠲᠤᠨᠤᠲᠠᠰᠤᠨ ᠤ ᠬᠡᠮᠵᠢᠶ᠎ᠠ 2.55.0 ᠮᠢᠯᠢᠮᠸᠲ᠋ᠷ ᠲᠤ ᠬᠦᠷᠦᠨ᠎ᠡ᠂ ᠬᠦᠯᠦᠨ ᠪᠤᠢᠢᠷ ᠤᠨ ᠲᠤᠮᠲᠠ᠂ ᠬᠤᠢᠢᠲᠤ ᠬᠡᠰᠡᠭ ᠲᠤ ᠶᠡᠬᠡ ᠴᠠᠰᠤ ᠤᠷᠤᠵᠤ᠂ ᠲᠤᠨᠤᠲᠠᠰᠤᠨ ᠤ ᠬᠡᠮᠵᠢᠶ᠎ᠠ 5.09.9 ᠮᠢᠯᠢᠮᠸᠲ᠋ᠷ ᠲᠤ ᠬᠦᠷᠦᠨ᠂ ᠵᠠᠷᠢᠮ ᠭᠠᠵᠠᠷ ᠲᠤ ᠴᠠᠰᠤᠨ ᠰᠢᠭᠤᠷᠭ᠎ᠠ ᠲᠠᠢ᠃

    4 ᠰᠠᠷ᠎ᠠ ᠶᠢᠨ 1 ᠤ ᠡᠲᠦᠷ ᠤᠨ 8᠄ 00 ᠴᠠᠭ ᠡᠴᠡ 3 ᠤ ᠡᠲᠦᠷ ᠤᠨ 8᠄ 00ᠴᠠᠬ ᠪᠤᠯᠲᠠᠯ᠎ᠠ᠂ ᠪᠦᠬᠦ ᠤᠷᠤᠨ ᠤ ᠠᠭᠠᠷ ᠤᠨ ᠲᠤᠯᠠᠭᠠᠨ ᠲᠤᠷᠤᠭᠰᠢᠯᠠᠨ᠎ᠠ᠃ ᠤᠯᠠᠭᠠᠨᠬᠠᠲᠠ᠂ ᠲᠦᠩᠯᠢᠶᠤᠤ᠂ ᠬᠢᠩᠭ᠋ᠠᠨ᠂ ᠬᠦᠯᠦᠨ ᠪᠤᠢᠢᠷ ᠤᠨ ᠠᠭᠠᠷ ᠤᠨ ᠲᠤᠯᠠᠭᠠᠨ 6  ᠡᠴᠡ 8 ᠭ᠍ᠷᠠᠳᠦ᠋ᠰ ᠤᠷᠴᠢᠮ ᠲᠤᠷᠤᠭᠰᠢᠯᠠᠨ᠎ᠠ᠃ ᠰᠢᠯᠢ ᠶᠢᠨ ᠭᠤᠤᠯ ᠤᠨ ᠶᠡᠬᠡᠩᠬᠢ ᠬᠡᠰᠡᠭ᠂ ᠤᠯᠠᠭᠠᠨᠬᠠᠲᠠ ᠶᠢᠨ ᠬᠤᠢᠢᠲᠤ ᠬᠡᠰᠡᠭ᠂ ᠲᠦᠩᠯᠢᠶᠤᠤ ᠶᠢᠨ ᠬᠤᠢᠢᠲᠤ ᠬᠡᠰᠡᠭ ᠤᠨ ᠠᠭᠠᠷ ᠤᠨ ᠲᠤᠯᠠᠭᠠᠨ 8 ᠡᠴᠡ 10 ᠭ᠍ᠷᠠᠳᠦ᠋ᠰ ᠤᠷᠴᠢᠮ ᠲᠤᠷᠤᠭᠰᠢᠯᠠᠵᠤ᠂ ᠰᠢᠯᠢ ᠶᠢᠨ ᠭᠤᠤᠯ ᠤᠨ ᠲᠤᠮᠲᠠ᠂ ᠵᠡᠭᠦᠨ ᠬᠡᠰᠡᠭ ᠪᠠ ᠡᠮᠦᠨ᠎ᠡ ᠬᠡᠰᠡᠭ ᠤᠨ ᠠᠭᠠᠷ ᠤᠨ ᠲᠤᠯᠠᠭᠠᠨ 10 ᠡᠴᠡ 12 ᠭ᠍ᠷᠠᠳᠦ᠋ᠰ ᠲᠤᠷᠤᠭᠰᠢᠯᠠᠨ᠎ᠠ᠃ ᠪᠠᠷᠠᠭᠤᠨ ᠬᠡᠰᠡᠭ ᠤᠨ ᠬᠤᠢᠢᠭᠤᠷᠬᠢ ᠭᠠᠵᠠᠷ ᠪᠠ ᠲᠤᠮᠲᠠ᠂ ᠵᠡᠬᠦᠨ ᠬᠡᠰᠡᠭ ᠲᠤ ᠪᠠᠷᠠᠭᠤᠨ ᠡᠮᠦᠨ᠎ᠡ ᠡᠴᠨ ᠰᠠᠯᠬᠢᠯᠠᠵᠤ ᠪᠠᠢᠢᠭᠰᠠᠨ ᠶᠢᠡᠨ ᠪᠠᠷᠠᠭᠤᠨ ᠬᠤᠢᠢᠨ᠎ᠠ ᠡᠴᠡ ᠰᠠᠯᠬᠢᠯᠠᠨ᠎ᠠ᠂ ᠰᠠᠯᠬᠢᠨ ᠤ ᠲᠡᠰ 45 ᠭ᠍ᠷᠠᠳᠦ᠋ᠰ ᠬᠦᠷᠴᠦ᠂ ᠲᠦᠷ ᠵᠠᠭᠤᠷ᠎᠎ᠠ 67 ᠲᠡᠰ ᠬᠦᠷᠦᠨ᠎ᠡ᠂ ᠲᠤᠮᠲᠠ᠂ ᠪᠠᠷᠠᠭᠤᠨ ᠬᠡᠰᠡᠭ ᠤᠨ ᠬᠤᠢᠢᠭᠤᠷᠬᠢ ᠭᠠᠵᠠᠷ ᠲᠤ ᠰᠢᠷᠤᠢ ᠬᠡᠢᠢᠰᠬᠦ ᠪᠤᠶᠤ ᠡᠯᠡᠰᠦᠨ ᠰᠢᠭᠤᠷᠭ᠎ᠠ ᠲᠡᠭᠲᠡᠨ᠎ᠡ᠃

    ᠠᠭᠠᠷ ᠤᠨ ᠲᠤᠯᠠᠭᠠᠨ ᠲᠤᠷᠤᠭᠰᠢᠯᠠᠬᠤ᠂ ᠴᠠᠰᠤ ᠪᠤᠷᠤᠭᠠᠨ ᠤᠷᠤᠬᠤ ᠪᠠ ᠰᠢᠷᠤᠢ ᠲᠤᠭᠤᠰᠤ ᠲᠡᠭᠲᠡᠬᠦ ᠠᠰᠢᠭ ᠦᠭᠡᠢ ᠴᠠᠭ ᠠᠭᠠᠷ ᠤᠨ ᠪᠠᠢᠢᠲᠠᠯ ᠢ ᠬᠠᠮᠢᠶ᠎ᠠ ᠲᠠᠢ ᠰᠠᠯᠠᠭ᠎ᠠ ᠮᠦᠴᠢᠷ ᠤᠨ ᠬᠢᠨ ᠪ ᠪᠦᠲᠦᠮᠵᠢᠲᠡᠢ ᠠᠷᠭᠠᠴᠠᠭᠠᠨ᠂ ᠮᠠᠯᠴᠢᠨ ᠲᠠᠷᠢᠶᠠᠴᠢᠳ ᠫᠸᠩ ᠰᠠᠷᠠᠪᠴᠢ ᠪᠠᠨ ᠰᠠᠢᠢᠨ ᠪᠡᠬᠢᠯᠡᠵᠦ᠂ ᠴᠠᠭ ᠠᠭᠠᠷ ᠤᠨ ᠬᠤᠪᠢᠷᠠᠯᠲᠠ ᠶᠢ ᠠᠩᠬᠠᠷᠴᠤ᠂ ᠶᠠᠪᠤᠵᠤ ᠰᠠᠭᠤᠬᠤ ᠳ᠋ᠠᠭᠠᠨ ᠬᠤᠪᠴᠠᠰᠤ ᠬᠤᠨᠠᠷ ᠶᠢᠡᠨ ᠵᠤᠵᠠᠭᠠᠯᠠᠵᠤ ᠡᠮᠦᠰᠬᠦ ᠶᠢ ᠴᠠᠭ ᠠᠭᠤᠷ ᠤᠨ ᠰᠠᠯᠠᠭ᠎ᠠ ᠮᠦᠴᠢᠷ ᠤᠨ ᠬᠢᠨ ᠰᠠᠨᠠᠭᠤᠯᠵᠤ ᠪᠠᠢᠢᠨ᠎ᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118489024