蒙古文网站Logo
ᠰᠢᠨᠬᠤᠸᠠ ᠮᠤᠩᠭ᠋ᠤᠯ ᠨᠧᠲ

《ᠰᠢᠨᠬᠤᠸᠠ ᠮᠤᠩᠭ᠋ᠤᠯ ᠨᠸᠲ—ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠤᠶᠤᠲᠠᠳ ᠤᠨ ᠲᠤᠮᠲᠠ》ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠠᠮᠵᠢᠯᠲᠠ ᠲᠠᠢ ᠪᠤᠯᠪᠠ

2016-04-12 16:29

    ᠰᠢᠨᠬᠤᠸᠠ ᠮᠤᠩᠭ᠋ᠤᠯ ᠨᠸᠲ   ᠪᠡᠭᠡᠵᠢᠩ ᠤᠨ 4 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠳᠡᠭᠡ ( ᠬ·ᠦᠵᠡᠰᠭᠦᠯᠡᠩ) ᠰᠢᠨᠬᠤᠸᠠ ᠮᠤᠩᠭ᠋ᠤᠯ ᠨᠸᠲ ᠡᠴᠡ ᠰᠠᠨᠠᠭᠠᠴᠢᠯᠠᠵᠤ᠂ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠮᠤᠩᠭ᠋ᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠡᠴᠡ ᠬᠠᠮᠵᠢᠨ ᠵᠤᠬᠢᠶᠠᠨ ᠪᠠᠢᠢᠭᠤᠯᠤᠭᠰᠠᠨ《ᠰᠢᠨᠬᠤᠸᠠ ᠮᠤᠩᠭ᠋ᠤᠯ ᠨᠸᠲᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠤᠶᠤᠲᠠᠳ ᠤᠨ ᠲᠤᠮᠲᠠ》ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ 4 ᠰᠠᠷ᠎ᠠ ᠶᠢᠨ 9 ᠤ ᠦᠲᠡ ᠶᠢᠨ ᠡᠮᠦᠨ᠎ᠡ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠳ᠋ᠤ  ᠠᠮᠵᠢᠯᠲᠠ ᠲᠠᠢ ᠶᠠᠪᠤᠭᠲᠠᠪᠠ᠃

    ᠲᠤᠰ ᠤᠲᠠᠭᠠᠨ ᠤ ᠠᠵᠢᠯᠯᠠᠭ᠎ᠠ ᠨᠢ ᠰᠢᠨᠬᠤᠸᠠ ᠮᠤᠩᠭ᠋ᠤᠯ ᠨᠸᠲ᠂ ᠰᠢᠨᠬᠤᠸᠠ ᠮᠤᠩᠭ᠋ᠤᠯ ᠨᠸᠲ ᠤᠨ ᠠᠯᠪᠠᠨ ᠸᠢᠴᠠᠲ ᠶᠢᠡᠨ ᠤᠶᠤᠲᠠᠳ ᠤᠨ ᠲᠤᠮᠲᠠ ᠤᠬᠠᠭᠤᠯᠤᠨ ᠲᠠᠨᠢᠯᠴᠠᠭᠤᠯᠵᠤ᠂ ᠲᠤᠬᠠᠢ ᠶᠢᠨ ᠲᠠᠯᠠᠪᠤᠷ ᠲᠤ ᠤᠶᠤᠲᠠᠳ ᠲᠠᠢ ᠰᠢᠨ᠎ᠡ ᠵᠠᠭᠤᠴᠢᠯᠠᠭᠤᠷ᠂ ᠰᠦᠯᠵᠢᠶᠠᠨ ᠰᠤᠨᠢᠨ ᠮᠡᠳᠡᠭᠡᠨ ᠤ ᠵᠤᠬᠢᠶᠠᠨ ᠪᠢᠴᠢᠯᠭᠡ᠂ ᠰᠤᠨᠢᠨ ᠮᠡᠳᠡᠭᠡᠨ ᠤ ᠰᠲ᠋ᠢᠯᠢ ᠤᠨ ᠵᠤᠬᠢᠶᠠᠯ ᠤᠨ ᠤᠷᠴᠢᠭᠤᠯᠭ᠎ᠠ ᠵᠡᠷᠭᠡ ᠶᠢᠨ ᠲᠤᠬᠠᠢ ᠤᠢᠢᠯᠠᠭᠠᠯᠲᠠ ᠲᠦᠷᠦᠭᠲᠡᠯ ᠶᠢᠡᠨ ᠴᠢᠯᠦᠭᠡᠲᠡᠢ ᠶᠠᠷᠢᠯᠴᠠᠪᠠ᠃

    ᠰᠢᠨᠬᠤᠸᠠ ᠮᠤᠩᠭ᠋ᠤᠯ ᠨᠸᠲ ᠡᠬᠢᠯᠡᠵᠦ ᠠᠵᠢᠯᠯᠠᠭᠰᠠᠨ ᠡᠴᠨ ᠤᠲᠤ ᠪᠤᠯᠲᠠᠯᠠᠬᠢ ᠲᠦᠷᠪᠡᠨ ᠰᠠᠷ᠎ᠠ ᠭᠠᠷᠤᠢ ᠶᠢᠨ ᠬᠤᠭᠤᠴᠠᠭᠠᠨ ᠳ᠋ᠤ ᠨᠸᠲ ᠠᠰᠢᠭᠯᠠᠭᠴᠢᠳ ᠲᠠᠭᠠᠨ ᠦᠭ᠍ᠭᠦᠭᠡᠵᠢ ᠲᠠᠢ ᠮᠡᠳᠡᠭᠡ ᠮᠡᠳᠡᠭᠡᠯᠡᠯ ᠬᠢᠵᠦ᠂ 《 ᠨᠸᠲ + ᠸᠢᠴᠠᠲ》 ᠤᠨ ᠠᠭᠤᠰᠤᠯᠴᠠᠯ ᠢ ᠠᠩᠬᠷᠴᠤ᠂ ᠮᠡᠳᠡᠭᠡᠯᠡᠯ ᠤᠨ ᠠᠷᠭ᠎ᠠ ᠬᠡᠯᠪᠡᠷᠢ ᠳ᠋ᠡᠭᠡᠨ ᠲᠠᠰᠤᠷᠠᠯᠲᠠ ᠦᠭᠡᠢ ᠰᠢᠨᠡᠴᠢᠯᠡᠯᠲᠡ ᠭᠠᠷᠭᠠᠨ᠂ ᠤᠯᠠᠨ ᠲᠦᠮᠡᠨ ᠤ ᠲᠤᠮᠲᠡᠬᠢ ᠨᠦᠯᠦᠭᠡ ᠲᠤᠰᠬᠠᠯ ᠶᠢᠡᠨ ᠦᠷᠭᠡᠳᠭᠡᠵᠦ᠂ ᠰᠦᠯᠵᠢᠶᠠᠨ ᠤ ᠤᠯᠠᠮᠵᠢᠯᠭᠠᠨ ᠤ ᠴᠢᠲᠠᠪᠬᠢ᠂ ᠨᠦᠯᠦᠭᠡᠯᠡᠬᠦ ᠬᠦᠴᠦᠨ ᠶᠢᠡᠨ ᠨᠡᠮᠡᠭᠲᠡᠬᠦᠯᠬᠦ ᠪᠡᠷ ᠴᠢᠷᠮᠠᠢᠢᠵᠤ ᠢᠷᠡᠭᠰᠡᠨ ᠪᠢᠯᠡ᠃《ᠰᠢᠨᠬᠤᠸᠠ ᠮᠤᠩᠭ᠋ᠤᠯ ᠨᠸᠲ ᠤᠶᠤᠲᠠᠳ ᠤᠨ ᠲᠤᠮᠲᠠ》 ᠠᠵᠢᠯᠯᠠᠭ᠎ᠠ ᠨᠢ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠪᠡᠷ ᠠᠩᠬᠠᠨ ᠤ ᠦᠷᠲᠡᠭᠡ ᠪᠠᠨ ᠪᠤᠯᠭᠠᠵᠤ᠂ ᠮᠤᠩᠭ᠋ᠤᠯ ᠰᠤᠶᠤᠯ ᠤᠨ ᠢᠷᠡᠭᠡᠲᠦᠢ ᠶᠢᠨ ᠬᠦᠴᠦᠨ ᠤᠶᠤᠲᠠᠳ ᠤᠨ ᠲᠤᠮᠲᠠ ᠰᠢᠨ᠎ᠡ ᠵᠠᠭᠤᠴᠢᠯᠠᠭᠤᠷ ᠶᠢᠡᠨ ᠤᠬᠠᠭᠤᠯᠤᠨ ᠲᠠᠨᠢᠯᠴᠠᠭᠤᠯᠵᠤ᠂ ᠠᠩᠬᠠᠷᠤᠯ ᠳ᠋ᠤᠨᠢ ᠬᠦᠷᠭᠡᠭ᠍ᠰᠡᠨ ᠨᠢᠭᠡᠨ ᠤᠲᠠᠭᠠᠨ ᠤ ᠢᠲᠡᠪᠬᠢ ᠠᠵᠢᠯᠯᠠᠭ᠎ᠠ ᠪᠤᠯᠤᠭᠰᠠᠨ ᠶᠤᠮ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118599790