蒙古文网站Logo
ᠰᠢᠨᠬᠤᠸᠠ ᠮᠤᠩᠭ᠋ᠤᠯ ᠨᠧᠲ

ᠠᠯᠳᠠᠷᠳᠤ ᠵᠣᠬᠢᠶᠠᠯᠴᠢ ᠳᠠᠮᠤᠷ ᠳ᠋ᠠᠸᠠᠮᠠᠶᠢᠲ᠋ ᠤᠨ《ᠠᠮᠢ ᠨᠠᠰᠤᠨ ᠤ ᠤᠯᠠ ᠮᠥᠷ》ᠬᠡᠮᠡᠬᠦ ᠰᠢᠯᠦᠭ ᠦᠨ ᠲᠡᠭᠦᠪᠦᠷᠢ ᠶᠢ ᠰᠢᠨᠵᠢᠶᠠᠩ ᠳᠤ ᠮᠤᠩᠭ᠋ᠤᠯ ᠢᠶᠡᠷ ᠬᠡᠪᠯᠡᠨ ᠲᠠᠷᠬᠠᠭᠠᠯ᠎ᠠ

2016-04-26 09:27

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ ᠮᠡᠳᠡᠬᠡ ᠶᠢᠨ ᠦᠨᠳᠦᠰᠦᠯᠡᠪᠡᠯ᠂ ᠠᠯᠳᠠᠷᠲᠤ ᠵᠣᠬᠢᠶᠠᠯᠴᠢ ᠳᠠᠮᠤᠷ ᠳ᠋ᠠᠸᠠᠮᠠᠶᠢᠲ᠋ ᠤᠨ《ᠠᠮᠢ ᠨᠠᠰᠤᠨ ᠤ ᠤᠯᠠ ᠮᠥᠷ》ᠬᠡᠮᠡᠬᠦ ᠰᠢᠯᠦᠭ ᠦᠨ ᠲᠡᠭᠦᠪᠦᠷᠢ ᠶᠢ 4 ᠰᠠᠷ᠎ᠠ ᠶᠢᠨ 23 ᠍ ᠦ ᠡᠳᠦᠷ ᠰᠢᠨᠵᠢᠶᠠᠩ ᠳᠤ ᠮᠤᠩᠭ᠋ᠤᠯ ᠢᠶᠡᠷ ᠬᠡᠪᠯᠡᠨ ᠲᠠᠷᠬᠠᠭᠠᠭᠰᠠᠨ ᠪᠠᠶᠢᠨ᠎ᠠ᠃ ᠡᠨᠡ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠮᠣᠩᠭᠣᠯ ᠢᠶᠠᠷ ᠣᠷᠴᠢᠭᠤᠯᠵᠤ ᠬᠡᠪᠯᠡᠭᠰᠡᠨ ᠤᠶᠢᠭᠤᠷ ᠰᠢᠯᠦᠭᠴᠢ ᠶᠢᠨ ᠠᠩᠬᠠᠨ ᠤ ᠰᠢᠯᠦᠭ ᠦᠨ ᠲᠡᠭᠦᠪᠦᠷᠢ ᠪᠣᠯᠬᠤ ᠶᠤᠮ᠃

    《ᠠᠮᠢ ᠨᠠᠰᠤᠨ ᠤ ᠤᠯᠠ ᠮᠥᠷ》 ᠪᠣᠯ ᠡᠭᠡ ᠣᠷᠣᠨᠴᠢ ᠦᠵᠡᠯ᠂ ᠦᠨᠳᠦᠰᠦᠲᠡᠨ ᠦ ᠪᠦᠯᠬᠦᠮᠳᠡᠯ ᠢ ᠳᠤᠰᠬᠠᠭᠰᠠᠨ ᠰᠢᠯᠦᠭ ᠤᠨ ᠲᠡᠭᠦᠪᠦᠷᠢ ᠪᠣᠯᠤᠨ᠎ᠠ᠂ ᠡᠨᠡ ᠰᠢᠯᠦᠭ ᠦᠨ ᠲᠡᠭᠦᠪᠦᠷᠢ ᠳᠤ ᠳᠠᠮᠤᠷ ᠳ᠋ᠠᠸᠠᠮᠠᠶᠢᠲ᠋ ᠤᠨ 180 ᠭᠠᠷᠤᠢ ᠪᠦᠲᠦᠭᠡᠯ ᠢ ᠣᠷᠣᠭᠤᠯᠤᠭᠰᠠᠨ ᠪᠠᠶᠢᠨ᠎ᠠ᠃ 《ᠠᠮᠢ ᠨᠠᠰᠤᠨ ᠤ ᠤᠯᠠ ᠮᠥᠷ》ᠭᠡᠬᠦ ᠨᠣᠮ ᠤᠨ ᠮᠣᠩᠭᠣᠯ ᠬᠡᠪᠯᠡᠯ ᠢ ᠰᠢᠨᠵᠢᠶᠠᠩ ᠤᠨ ᠦᠨᠳᠦᠰᠦᠲᠡᠨ ᠦ ᠬᠡᠯᠡ ᠪᠢᠴᠢᠭ᠌ ᠦᠨ ᠠᠵᠢᠯ ᠤᠨ ᠺᠣᠮᠢᠰ ᠤᠨ ᠣᠷᠴᠢᠭᠤᠯᠭ᠎ᠠ ᠶᠢᠨ ᠲᠣᠪᠴᠢᠶᠠᠨ ᠤ ᠮᠣᠩᠭᠣᠯ ᠬᠡᠯᠡᠨ ᠦ ᠠᠯᠪᠠᠨ ᠭᠡᠷ ᠦᠨ ᠳᠠᠳ᠋ ᠡᠷᠬᠢᠯᠡᠭᠴᠢ ᠳᠤᠭᠠᠷᠵᠠᠪ ᠲᠣᠰ ᠪᠦᠲᠦᠭᠡᠯ ᠦᠨ ᠬᠢᠲᠠᠳ ᠬᠡᠪᠯᠡᠯ ᠢ ᠰᠣᠩᠭ᠋ᠣᠵᠤ᠂ ᠰᠤᠯᠠ ᠰᠡᠯᠡᠭᠦᠦ ᠴᠠᠭ ᠢᠶᠠᠨ ᠠᠰᠢᠭᠯᠠᠨ ᠬᠣᠶᠠᠷ ᠵᠢᠯ ᠦᠨ ᠴᠠᠭ ᠬᠡᠷᠡᠭᠰᠡᠵᠦ ᠪᠠᠶᠢᠭᠠᠳ ᠣᠷᠴᠢᠭᠤᠯᠵᠤ ᠳᠠᠭᠤᠰᠬᠠᠭᠠᠳ ᠦᠨᠳᠦᠰᠦᠲᠡᠨ ᠦ ᠬᠡᠪᠯᠡᠯ ᠦᠨ ᠬᠣᠷᠢᠶᠠᠨ ᠳᠤ ᠬᠡᠪᠯᠡᠭᠦᠯᠦᠨ ᠲᠠᠷᠬᠠᠭᠠᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701118734895