蒙古文网站Logo
ᠰᠢᠨᠬᠤᠸᠠ ᠮᠤᠩᠭ᠋ᠤᠯ ᠨᠧᠲ

ᠰᠢᠶᠤᠤ ᠣᠪᠣᠭᠲᠤ ᠤᠭᠰᠠᠭᠠᠲᠠᠨ ᠤ ᠲᠠᠶᠢᠯᠭ᠎ᠠ ᠶᠢᠨ ᠪᠦᠯᠬᠦᠮ ᠥᠪᠥᠷ ᠮᠣᠩᠭᠣᠯ ᠳᠤ ᠢᠷᠡᠵᠦ ᠣᠭ ᠤᠳᠤᠮ ᠢᠶᠠᠨ ᠬᠠᠶᠢᠨ ᠡᠵᠡᠨ ᠴᠢᠩᠭᠢᠰ ᠦᠨ ᠲᠠᠶᠢᠯᠭ᠎ᠠ ᠳᠤ ᠤᠷᠤᠯᠴᠠᠪᠠ

2016-05-03 16:03

    

    ᠰᠢᠨᠬᠤᠧᠠ ᠨᠧᠲ  ᠣᠷᠳᠣᠰ ᠤᠨ 4 ᠰᠠᠷ᠎ᠠ ᠶᠢᠨ 28 ᠍ ᠦ ᠡᠳᠦᠷ ᠦᠨ ᠴᠠᠬᠢᠯᠭᠠᠨ ᠮᠡᠳᠡᠭᠡ (ᠽᠤᠤ ᠵᠸᠠ) 4 ᠰᠠᠷ᠎ᠠ ᠶᠢᠨ 27 ᠍ ᠦ ᠡᠳᠦᠷ᠂ ᠤᠯᠠᠭᠠᠨ ᠪᠡᠴᠢᠨ ᠵᠢᠯ ᠦᠨ ᠡᠵᠡᠨ ᠴᠢᠩᠭᠢᠰ ᠦᠨ ᠴᠠᠭᠠᠨ ᠰᠦᠷᠦᠭ ᠤᠨ ᠶᠡᠬᠡ ᠳᠠᠶᠢᠯᠭ᠎ᠠ ᠥᠪᠥᠷ ᠮᠣᠩᠭᠣᠯ ᠤᠨ ᠣᠷᠳᠣᠰ ᠬᠣᠲᠠ ᠶᠢᠨ ᠴᠢᠩᠭᠢᠰ ᠦᠨ ᠣᠩᠭ᠋ᠣᠨ ᠳᠤ ᠶᠠᠪᠤᠭᠳᠠᠪᠠ᠃ ᠲᠤᠬᠠᠢ ᠶᠢᠨ ᠲᠠᠯᠠᠪᠤᠷ ᠲᠤ᠂ ᠨᠠᠶᠠᠭᠠᠳ ᠬᠥᠮᠥᠨ ᠤ ᠪᠦᠷᠢᠯᠳᠦᠬᠦᠨ ᠲᠠᠢ ᠨᠢᠭᠡᠨ ᠲᠠᠶᠢᠯᠭ᠎ᠠ ᠶᠢᠨ ᠡᠩᠨᠡᠭᠡ ᠬᠤᠷᠠᠭᠰᠠᠨ ᠣᠯᠠᠨ ᠤ ᠠᠩᠬᠠᠷᠤᠯ ᠢ ᠲᠠᠲᠠᠵᠤ ᠪᠠᠶᠢᠯ᠎ᠠ᠃

    ᠳᠤᠰ ᠡᠳᠦᠷ ᠦᠨ 8᠄00 ᠴᠠᠭ ᠲᠤ᠂ ᠲᠠᠶᠢᠯᠭ᠎ᠠ ᠶᠢᠨ ᠶᠣᠰᠣᠯᠠᠯ ᠡᠬᠢᠯᠡᠬᠦ ᠡᠴᠡ ᠨᠢᠭᠡ ᠴᠠᠭ ᠤᠨ ᠡᠮᠦᠨ᠎ᠡ ᠡᠾᠧᠨᠠᠨ ᠨᠤᠲᠤᠭ ᠲᠠᠢ ᠰᠢᠶᠤᠤ ᠹᠧᠩ ᠯᠢᠨ ᠡᠨᠡᠬᠥ ᠲᠠᠶᠢᠯᠭ᠎ᠠ ᠶᠢᠨ ᠡᠩᠨᠡᠭᠡ ᠶᠢ ᠳᠠᠭᠠᠭᠤᠯᠤᠨ ᠴᠢᠩᠭᠢᠰ ᠦᠨ ᠣᠩᠭ᠋ᠣᠨ ᠳᠤ ᠢᠷᠡᠵᠦ᠂ ᠣᠯᠠᠨ ᠢᠶᠠᠨ ᠵᠣᠬᠢᠶᠠᠨ ᠪᠠᠶᠢᠭᠤᠯᠤᠨ ᠳᠤᠷᠠᠰᠬᠠᠯ ᠤᠨ ᠵᠢᠷᠤᠭ ᠠᠪᠴᠤ ᠪᠠᠶᠢᠯ᠎ᠠ᠃ ᠡᠨᠡ ᠪᠣᠯ ᠡᠾᠧᠨᠠᠨ᠂ ᠡᠾᠧᠪᠧᠢ᠂ ᠬᠤᠪᠸᠢ᠂ ᠱᠠᠩᠬᠠᠢ᠂ ᠰᠢᠨᠵᠢᠶᠠᠩ ᠵᠡᠷᠭᠡ ᠮᠤᠵᠢ ᠣᠷᠣᠨ ᠬᠣᠲᠠ ᠶᠢᠨ《ᠰᠢᠶᠤᠤ》 ᠣᠪᠣᠭᠲᠤ ᠤᠭᠰᠠᠭᠠᠲᠠᠨ ᠢᠶᠠᠷ ᠪᠦᠷᠢᠯᠳᠦᠭᠰᠡᠨ ᠲᠠᠶᠢᠯᠭ᠎ᠠ ᠶᠢᠨ ᠪᠦᠯᠬᠦᠮ ᠮᠥᠨ᠂ ᠲᠠᠳᠠ ᠥᠪᠥᠷ ᠮᠣᠩᠭᠣᠯ ᠳᠤ ᠲᠤᠰᠬᠠᠶᠢᠯᠠᠨ ᠢᠷᠡᠵᠦ ᠤᠯᠠᠭᠠᠨ ᠪᠡᠴᠢᠨ ᠵᠢᠯ ᠦᠨ ᠡᠵᠡᠨ ᠴᠢᠩᠭᠢᠰ ᠦᠨ ᠴᠠᠭᠠᠨ ᠰᠦᠷᠦᠭ ᠤᠨ ᠶᠡᠬᠡ ᠲᠠᠶᠢᠯᠭ᠎ᠠ ᠳᠤ ᠣᠷᠣᠯᠴᠠᠵᠤ ᠪᠠᠶᠢᠭ᠎ᠠ ᠨᠢ ᠡᠨᠡ ᠠᠵᠢ᠃

    2012 ᠣᠨ ᠳᠤ᠂ ᠶᠡᠬᠡ ᠬᠡᠮᠵᠢᠶᠠᠨ ᠤ ᠨᠣᠲᠠᠯᠠᠯᠲᠠ ᠪᠠᠷ ᠳᠠᠮᠵᠢᠨ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠶᠤᠸᠠᠨ ᠤ ᠲᠡᠦᠬᠡ ᠶᠢᠨ ᠰᠤᠳᠤᠯᠭᠠᠨ ᠤ ᠬᠤᠷᠠᠯ᠂ ᠡᠾᠧᠨᠠᠨ ᠮᠤᠵᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠣᠯ ᠤᠨ ᠶᠡᠬᠡ ᠰᠤᠷᠭᠠᠭᠤᠯᠢ ᠵᠡᠷᠭᠡ ᠳᠥᠷᠪᠡᠨ ᠪᠠᠶᠢᠭᠤᠯᠤᠮᠵᠢ ᠶᠢᠨ ᠲᠤᠰᠬᠠᠢ ᠮᠡᠷᠭᠡᠵᠢᠯᠲᠡᠨ ᠰᠢᠶᠤᠤ ᠣᠪᠣᠭᠲᠤ ᠶᠢᠨ ᠲᠥᠷᠥᠯ ᠤᠭᠰᠠᠭ᠎ᠠ ᠪᠣᠯ ᠴᠢᠩᠭᠢᠰ ᠬᠠᠭᠠᠨ ᠤ ᠬᠣᠶᠢᠴᠢᠰ ᠮᠥᠨ ᠪᠣᠯᠬᠤ ᠶᠢ ᠮᠠᠭᠠᠳᠯᠠᠨ ᠲᠣᠭᠲᠠᠭᠠᠭᠰᠠᠨ ᠪᠠᠶᠢᠨ᠎ᠠ᠃ ᠰᠢᠶᠤᠤ ᠣᠪᠣᠭᠲᠤ ᠶᠢᠨ ᠲᠥᠷᠥᠯ ᠤᠭᠰᠠᠭ᠎ᠠ ᠶᠢᠨ ᠬᠢᠨ ᠣᠳᠣ ᠡᠾᠧᠪᠧᠢ ᠶᠢᠨ ᠯᠤᠧᠠᠨᠴᠧᠩ᠂ ᠡᠾᠧᠨᠠᠨ ᠤ ᠵᠦᠩᠮᠦ᠋ ᠪᠠ ᠬᠦᠩ ᠢ᠂ ᠵᠢᠶᠠᠩᠰᠤ ᠶᠢᠨ ᠰᠢᠩᠬᠤᠧᠠ᠂ ᠳ᠋ᠠᠹᠧᠩ᠂ ᠳᠠᠶᠢᠵᠧᠦ᠂ ᠱᠠᠨᠰᠢ ᠶᠢᠨ ᠸᠧᠶᠢᠨᠠᠨ᠂ ᠬᠤᠪᠧᠢ ᠶᠢᠨ ᠶᠦᠨ ᠰᠢᠶᠠᠨ ᠵᠡᠷᠭᠡ ᠭᠠᠵᠠᠷ ᠲᠥᠪᠯᠡᠷᠡᠵᠦ᠂ ᠨᠢᠭᠡ ᠪᠥᠯᠦᠭ ᠨᠢ ᠪᠡᠭᠡᠵᠢᠩ᠂ ᠱᠠᠩᠬᠠᠢ᠂ ᠳᠢᠶᠠᠨᠵᠢᠨ᠂ ᠰᠢᠨᠵᠢᠶᠠᠩ ᠵᠡᠷᠭᠡ ᠭᠠᠵᠠᠷ ᠲᠤ ᠳᠠᠷᠬᠠᠨ ᠰᠠᠭᠤᠷᠢᠰᠢᠵᠤ ᠪᠤᠢ᠃ ᠣᠳᠣᠬᠠᠨ ᠤ ᠪᠦᠷᠢᠳᠬᠡᠯ ᠢᠶᠡᠷ ᠤᠯᠤᠰ ᠤᠨ ᠳᠣᠲᠣᠭᠠᠳᠤ ᠳ᠋ᠤ ᠨᠠᠶᠢᠳᠠ 18000 ᠬᠥᠮᠥᠨ ᠠᠮᠠ ᠲᠠᠢ᠃

    ᠡᠨᠡᠬᠦ ᠡᠵᠡᠨ ᠴᠢᠩᠬᠢᠰ ᠤᠨ ᠴᠠᠭᠠᠨ ᠰᠦᠷᠦᠭ ᠤᠨ ᠶᠡᠬᠡ ᠳᠠᠶᠢᠯᠭ᠎ᠠ ᠪᠡᠷ ᠳᠡᠳᠡᠨᠡᠷ ᠰᠦ᠋᠂ ᠡᠪᠴᠢᠬᠦᠦ ᠤᠭᠤᠴᠠ ᠵᠡᠷᠬᠡ ᠳᠠᠬᠢᠯ ᠤᠨ ᠵᠦᠢᠯ ᠢᠶᠡᠨ ᠪᠡᠯᠡᠳᠬᠡᠨ ᠠᠪᠴᠢᠷᠠᠵᠤ᠂ ᠰᠢᠳᠦᠬᠡᠨ ᠤᠷᠳᠤ ᠳ᠋ᠠᠭᠠᠨ ᠡᠷᠬᠦᠨ ᠪᠠᠷᠢᠯ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701118792686