蒙古文网站Logo
ᠰᠢᠨᠬᠤᠸᠠ ᠮᠤᠩᠭ᠋ᠤᠯ ᠨᠧᠲ

ᠭᠢᠷᠢᠨ ᠮᠤᠵᠢ ᠶᠢᠨ ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ 《 ᠲᠦᠷᠦᠯᠬᠢ ᠬᠡᠯᠡᠨ ᠤ ᠮᠠᠭᠲᠠᠭᠠᠯ》ᠲᠠᠭᠤᠤ ᠰᠢᠯᠦᠭ ᠤᠨ ᠤᠷᠤᠯᠲᠤᠭᠠᠨ ᠶᠠᠪᠤᠭᠤᠯᠪᠠ

2016-05-04 11:58

    ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠵᠤ ᠰᠤᠷᠤᠭᠴᠢᠳ ᠤᠨ ᠮᠤᠩᠭ᠋ᠤᠯ ᠬᠡᠯᠡ ᠪᠡᠷ ᠶᠢᠡᠨ ᠶᠠᠷᠢᠵᠤ ᠢᠯᠡᠳᠭᠡᠬᠦ ᠴᠢᠲᠠᠪᠤᠷᠢ ᠶᠢ ᠲᠡᠭᠡᠭ᠍ᠰᠢᠯᠡᠬᠦᠯᠬᠦ ᠪᠡᠷ ᠵᠤᠷᠢᠯᠲᠠ ᠪᠤᠯᠭᠠᠨ᠂ 4 ᠰᠠᠷ᠎ᠠ ᠶᠢᠨ29 ᠤ ᠡᠲᠦᠷ ᠭᠢᠷᠢᠨ ᠮᠤᠵᠢ ᠶᠢᠨ ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠮᠤᠩᠭ᠋ᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ《 ᠲᠦᠷᠦᠯᠬᠢ ᠬᠡᠯᠡᠨ ᠤ ᠮᠠᠭᠲᠠᠭᠠᠯ》ᠲᠠᠭᠤᠤ ᠰᠢᠯᠦᠭ ᠤᠨ ᠤᠷᠤᠯᠲᠤᠭᠠᠨ ᠪᠤᠯᠵᠤ ᠦᠩᠭᠡᠷᠡᠯ᠎ᠡ᠃

    ᠤᠷᠤᠯᠳᠤᠭᠠᠨ ᠳ᠋ᠤ ᠂ ᠬᠦᠬᠡᠷᠦᠬᠦᠨ ᠴᠤᠪᠤᠭᠤᠯᠢᠭ ᠤᠷᠤᠯᠴᠠᠭᠴᠢᠳ ᠮᠠᠨᠢ ᠦᠨᠳᠦᠰᠦᠲᠡᠨ ‍ᠤ ᠪᠠᠨ ᠬᠤᠪᠴᠠᠰᠤ ᠵᠠᠰᠠᠯ ᠢᠶᠠᠷ ᠭᠤᠶᠤᠵᠦ ᠂ ᠡᠬᠡ ᠮᠤᠩᠭ᠋ᠤᠯ ᠬᠡᠯᠡ ᠪᠠᠷ ᠢᠶᠡᠨ ᠦᠪᠡᠷ ‍ᠤᠨ ᠪᠠᠬᠠᠷᠬᠠᠳᠠᠭ ᠮᠤᠩᠭ᠋ᠤᠯ ᠲᠠᠭᠤᠥ ᠰᠢᠯᠦᠭ ᠢᠶᠡᠨ ᠤᠶᠠᠩᠭ᠋ᠠᠯᠠᠨ ᠤᠩᠰᠢᠪᠠ ᠃ ᠲᠠᠭᠤᠥ ᠰᠢᠯᠦᠭ ‍ᠤᠨ ᠠᠭᠤᠯᠭ᠎ᠠ ᠨᠢ ᠰᠢᠨ᠎ᠠ ᠰᠤᠷᠭᠤᠭ ᠂ ᠤᠳᠬ᠎ᠠ ᠨᠢ ᠪᠦᠷᠢᠨ ᠲᠡᠭᠦᠯᠳᠡᠷ ᠂ ᠵᠢᠭᠠᠯ ᠤᠷᠤᠯᠲᠤᠭᠴᠢᠳ ᠲᠠᠭᠤ ᠰᠡᠳᠭᠢᠯᠭᠡ ᠪᠠᠨ ᠬᠤᠥᠰᠯᠠᠭᠤᠯᠬᠤ ᠪᠠ ᠭᠠᠶᠢᠬᠠᠮ᠎ᠠ ᠰᠠᠶᠢᠬᠠᠨ ᠤᠶᠠᠩᠭ᠋ᠠᠯᠠᠯ ᠶᠢᠡᠷ ᠬᠢᠨᠠᠭᠴᠢ ᠪᠠ ᠦᠷᠭᠡᠨ ᠤᠯᠠᠨ ᠪᠠᠭᠰᠢ ᠰᠤᠷᠤᠭᠴᠢ ᠶ᠋ᠢᠨ ᠰᠡᠳᠬᠢᠯ ‍ᠢ ᠡᠵᠡᠮᠳᠡᠵᠦ ᠪᠠᠶᠢᠪᠠ ᠃

    ᠬᠤᠶᠡᠳᠤᠭᠠᠷ ᠡᠭᠡᠯᠵᠢ ᠶᠢᠨ ᠨᠤᠮ ᠤᠩᠰᠢᠬᠤ ᠬᠦᠳᠡᠯᠭᠡᠭᠡᠨ ‍ᠤ ᠤᠬᠠᠭᠤᠯᠭ᠎ᠠ ᠶ᠋ᠢᠨ ᠭᠠᠷᠠᠭ ‍ᠤᠨ ᠠᠵᠢᠯᠯᠠᠭ᠎ᠠ ᠶ᠋ᠢᠨ ᠰᠢᠷᠢᠰ ᠠᠭᠤᠯᠭ᠎ᠠ ᠪᠤᠯᠤᠭᠰᠠᠨ ᠡᠨᠡᠬᠦ ᠮᠤᠩᠭ᠋ᠤᠯ ᠲᠠᠭᠤᠤ ᠰᠢᠯᠦᠭ ‍ᠤᠨ ᠤᠷᠤᠯᠳᠤᠭᠠᠨ ᠨᠢ ᠂ ᠮᠤᠩᠭ᠋ᠤᠯ ᠪᠠᠭᠰᠢ ᠰᠤᠷᠤᠭᠴᠢᠳ ‍ᠤᠨ ᠰᠠᠭᠤᠷᠢ ᠮᠡᠳᠡᠯᠭᠡ ᠪᠠ ᠦᠨᠳᠦᠰᠦᠨ ᠴᠢᠳᠠᠪᠦᠷᠢ ᠶ᠋ᠢ ᠪᠡᠬᠢᠵᠢᠬᠦᠯᠵᠦ ᠦᠷᠭᠡᠵᠢᠭᠦᠯᠦᠭᠰᠡᠨ ᠢᠶᠠᠷ ᠪᠠᠷᠠᠬᠤ ᠦᠭᠡᠢ ᠪᠠᠭᠰᠢ ᠰᠤᠷᠤᠭᠴᠢᠳ ‍ᠤᠨ ᠮᠤᠩᠭ᠋ᠤᠯ ᠬᠡᠯᠡᠡ ᠪ ᠬᠡᠷᠡᠭᠯᠡᠬᠡᠨ ‍ᠤ ᠴᠢᠳᠠᠪᠤᠷᠢ ᠶ᠋ᠢ ᠲᠡᠭᠡᠭ᠍ᠰᠢᠯᠡᠭᠦᠯᠵᠦ ᠂ ᠲᠡᠳᠡ ᠨᠠᠷ ‍ᠤᠨ ᠮᠤᠩᠭ᠋ᠤᠯ ᠬᠡᠯᠡ ᠪᠠᠨ ᠰᠤᠷᠬᠤ ᠤᠷᠮ᠎ᠠ ᠵᠤᠷᠢᠭ ‍ᠢ ᠬᠦᠭ᠍ᠵᠢᠬᠡᠵᠦ ᠂ ᠲᠠᠷᠠᠴᠢᠯᠡᠨ ᠮᠤᠩᠭ᠋ᠤᠯ ᠵᠠᠯᠠᠭᠣᠰ ᠂ ᠪᠠᠭᠠᠴᠤᠳ ᠬᠡᠥᠬᠡᠳ ‍ᠤᠳ ‍ᠤᠨ ᠦᠨᠳᠦᠰᠦᠲᠡᠨ ‍ᠤ ᠰᠤᠶᠤᠯ ᠢᠶᠡᠨ ᠪᠡᠬᠢᠵᠢᠭᠦᠯᠵᠦ ᠪᠠᠳᠠᠷᠠᠭᠤᠯᠤᠭᠰᠠᠨ ᠰᠠᠭᠤᠷᠢ ᠲᠡᠭᠡᠷ᠎ᠡ ᠦᠨᠳᠦᠰᠦᠲᠡᠨ ‍ᠤ ᠰᠤᠶᠤᠯ ᠢᠶᠡᠨ ᠤᠯᠠᠮ ᠬᠠᠶᠢᠷᠠᠯᠠᠵᠤ ᠂ ᠮᠤᠩᠭ᠋ᠤᠯ ᠦᠭᠡ ᠬᠡᠯᠡ ᠦᠰᠦᠭ ᠪᠢᠴᠢᠭ᠌ ᠢᠶᠡᠨ ᠰᠠᠶᠢᠳᠤᠷ ᠰᠤᠷᠬᠤ ᠢᠲᠡᠭᠡᠯ ‍ᠢ ᠨᠢ ᠬᠦᠪᠴᠢᠯᠡᠯ᠎ᠡ᠃ ( ᠲᠦᠪᠰᠢᠨᠵᠢᠷᠭᠠᠯ᠂ ᠹᠦᠱᠠᠨ᠂ ᠡᠾᠸ ᠴᠢᠩ ᠶᠦᠨ )

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118800153