蒙古文网站Logo
ᠰᠢᠨᠬᠤᠸᠠ ᠮᠤᠩᠭ᠋ᠤᠯ ᠨᠧᠲ

2016 ᠤᠨ ᠤ ᠲᠤᠮᠲᠠᠲᠤ ᠤᠯᠤᠰ ᠤᠨ ᠬᠤᠷᠲᠤᠨ ᠮᠤᠷᠢᠨ ᠤ ᠤᠷᠤᠯᠲᠤᠭᠠᠨ 5 ᠰᠠᠷ᠎ᠠ ᠶᠢᠨ 10 ᠤ ᠡᠲᠦᠷ ᠺᠤᠷᠯᠠ ᠬᠤᠲᠠ ᠳ᠋ᠤ ᠶᠠᠪᠤᠭᠲᠠᠬᠤ ᠪᠡᠷ ᠪᠠᠢᠢᠨ᠎ᠠ

2016-05-05 17:38

    2016 ᠤᠨ ᠤ ᠲᠤᠮᠲᠠᠲᠤ ᠤᠯᠤᠰ ᠤᠨ ᠬᠤᠷᠲᠤᠨ ᠮᠤᠷᠢᠨ ᠤ ᠱᠠᠩᠨᠠᠯᠲᠤ ᠤᠷᠤᠯᠲᠤᠭᠠᠨ ᠤ ᠠᠩᠬᠠᠨ ᠤ ᠦᠷᠲᠡᠭᠡ ᠰᠢᠨᠵᠢᠶᠠᠩ ᠤᠨ ᠤᠢᠢᠭᠤᠷ ᠤᠨ ᠦᠪᠡᠷᠲᠡᠭᠡᠨ ᠵᠠᠰᠠᠬᠤ ᠤᠷᠤᠨ ᠤ ᠪᠠᠶᠠᠨᠭᠤᠤᠯ ᠮᠤᠩᠭ᠋ᠤᠯ ᠦᠪᠡᠷᠲᠡᠭᠡᠨ ᠵᠠᠰᠠᠬᠤ ᠵᠸᠦ ᠶᠢᠨ ᠺᠤᠷᠯᠠ ᠬᠤᠲᠠ ᠶᠢᠨ ᠦᠨᠳᠦᠰᠦᠲᠡᠨ ᠤ ᠪᠠᠶ᠎ᠠ ᠲᠠᠮᠢᠷ ᠤᠨ ᠲᠠᠯᠠᠪᠠᠢ ᠳ᠋ᠤ 5 ᠰᠠᠷ᠎ᠠ ᠶᠢᠨ 10 ᠤ ᠡᠲᠦᠷ ᠶᠠᠪᠤᠭᠲᠠᠬᠤ ᠪᠡᠷ ᠪᠠᠢᠢᠨ᠎ᠠ᠃

    ᠲᠤᠰ ᠤᠲᠠᠭᠠᠨ ᠤ ᠤᠷᠤᠯᠲᠤᠭᠠᠨ ᠳ᠋ᠤ ᠤᠯᠤᠰ ᠤᠨ ᠲᠤᠲᠤᠭᠠᠲᠤ ᠭᠠᠲᠠᠭᠠᠲᠤ ᠶᠢᠨ 30 ᠭᠠᠷᠤᠢ ᠮᠤᠷᠢᠨ ᠮᠡᠷᠭᠡᠵᠢᠯ ᠤᠨ ᠨᠡᠢᠢᠭᠡᠮᠯᠢᠭ᠌ ᠤᠨ 400 ᠭᠠᠷᠤᠢ ᠤᠷᠤᠯᠲᠤᠭᠠᠨ ᠤ ᠮᠤᠷᠢ ᠵᠠᠭᠤᠨ ᠲᠦᠮᠡ ᠭᠠᠷᠤᠢ ᠲᠦᠭᠦᠷᠢᠭ᠌ ᠤᠨ ᠱᠠᠩᠨᠠᠯ ᠤᠨ ᠮᠦᠩᠬᠦ ᠶᠢ ᠲᠡᠮᠡᠴᠡᠬᠦ ᠪᠤᠯᠤᠨ᠎ᠠ᠃

    ᠤᠢᠢᠯᠠᠭᠠᠭᠰᠠᠨ ᠶᠢᠡᠷ᠂ ᠲᠤᠰ ᠤᠲᠠᠭᠠᠨ ᠤ ᠤᠷᠤᠯᠲᠤᠭᠠᠨ ᠢ ᠲᠤᠮᠲᠠᠲᠤ ᠤᠯᠤᠰ ᠤᠨ ᠮᠤᠷᠢᠨ ᠮᠡᠷᠭᠡᠵᠢᠯ ᠤᠨ ᠨᠡᠢᠢᠭᠡᠮᠯᠢᠭ᠌᠂ ᠰᠢᠨᠵᠢᠶᠠᠩ ᠤᠨ ᠤᠢᠢᠭᠤᠷ ᠤᠨ ᠦᠪᠡᠷᠲᠡᠭᠡᠨ ᠵᠠᠰᠠᠬᠤ ᠤᠷᠤᠨ ᠤ ᠪᠠᠶ᠎ᠠ ᠲᠠᠮᠢᠷ ᠤᠨ ᠲᠤᠪᠴᠢᠶ᠎ᠠ᠂ ᠪᠠᠶᠠᠨᠭᠤᠤᠯ ᠤᠨ ᠠᠷᠠᠳ ᠤᠨ ᠵᠠᠰᠠᠭ ᠤᠨ ᠤᠷᠲᠤᠨ᠂ ᠺᠤᠷᠯᠠ ᠬᠤᠲᠠ ᠶᠢᠨ ᠠᠷᠠᠳ ᠤᠨ ᠵᠠᠰᠠᠭ ᠤᠨ ᠤᠷᠲᠤᠨ᠂ ᠱᠸᠨᠵᠸᠦ ᠪᠦᠯᠦᠭᠯᠡᠯ ᠡᠴᠡ ᠬᠠᠮᠲᠤᠷᠠᠨ ᠰᠠᠨᠠᠭᠠᠴᠢᠯᠠᠵᠤ᠂ ᠪᠠᠶᠠᠨᠭᠤᠤᠯ ᠤᠨ ᠰᠤᠶᠤᠯ ᠲᠠᠮᠢᠷ ᠷᠠᠳᠢᠤ᠋ ᠲᠸᠯᠸᠢᠰ ᠺᠢᠨᠤ᠋ ᠲᠤᠪᠴᠢᠶ᠎ᠠ᠂ ᠰᠢᠨᠵᠢᠶᠠᠩ ᠤᠨ ᠮᠤᠷᠢᠨ ᠮᠡᠷᠭᠡᠵᠢᠯ ᠤᠨ ᠬᠦᠲᠡᠯᠭᠡᠭᠡᠨ ᠤ ᠨᠡᠢᠢᠭᠡᠮᠯᠢᠭ᠌᠂ ᠪᠠᠶᠠᠨᠭᠤᠤᠯ ᠤᠨ ᠪᠠᠶ᠎ᠠ ᠲᠠᠮᠢᠷ ᠤᠨ ᠶᠡᠷᠦᠩᠬᠡᠢ ᠵᠦᠪᠯᠡᠯ᠂ ᠺᠤᠷᠯᠠ ᠬᠤᠲᠠ ᠶᠢᠨ ᠰᠤᠶᠤᠯ ᠲᠠᠮᠢᠷ ᠷᠠᠳᠢᠤ᠋ ᠺᠢᠨᠤ᠋ ᠲᠸᠯᠸᠢᠰ ᠲᠤᠪᠴᠢᠶ᠎ᠠ ᠡᠴᠡ ᠰᠠᠨᠠᠭᠠᠴᠢᠯᠠᠪᠠ᠃

ᠢᠷᠡᠯᠳᠡ᠄ ᠪᠠᠶᠠᠨᠭᠤᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118811469