蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠲᠤᠮᠲᠠ ᠪᠠᠷᠠᠭᠤᠨ ᠬᠡᠰᠡᠭ ᠤᠨ ᠠᠭᠠᠷ ᠤᠨ ᠲᠤᠯᠠᠭᠠᠨ ᠲᠤᠷᠤᠭᠰᠢᠯᠠᠨ᠎ᠠ

2016-06-01 11:17

    ᠰᠢᠨᠬᠤᠸᠠ ᠮᠤᠩᠭ᠋ᠤᠯ ᠨᠸᠲ  ᠬᠦᠬᠡᠬᠤᠲᠠ ᠶᠢᠨ 6 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠳᠡᠭᠡ ( ᠬ·ᠦᠵᠡᠰᠭᠦᠯᠡᠩ ) ᠦᠪᠦᠷ ᠮᠤᠩᠭ᠋ᠤᠯ ᠤᠨ ᠴᠠᠭ ᠠᠭᠤᠷ ᠤᠨ ᠬᠤᠷᠢᠶᠠᠨ ᠡᠴᠡ ᠤᠢᠢᠯᠠᠭᠠᠭᠰᠠᠨ ᠶᠢᠡᠷ᠂  6 ᠰᠠᠷ᠎ᠠ ᠶᠢᠨ 1 ᠤ ᠰᠦᠨᠢ ᠡᠴᠡ 4 ᠤ ᠡᠲᠦᠷ ᠪᠤᠯᠲᠠᠯ᠎ᠠ᠂ ᠦᠪᠦᠷ ᠮᠤᠩᠭ᠋ᠤᠯ ᠤᠨ ᠪᠠᠶᠠᠨᠨᠠᠭᠤᠷ᠂ ᠤᠷᠲᠤᠰ ᠤᠨ ᠬᠤᠢᠢᠲᠤ ᠬᠡᠰᠡᠭ᠂ ᠪᠤᠭᠤᠲᠤ᠂ ᠬᠦᠬᠡᠬᠤᠲᠠ᠂ ᠤᠯᠠᠭᠠᠨᠴᠠᠪ ᠤᠨ ᠪᠠᠷᠠᠭᠤᠨ ᠬᠡᠰᠡᠭ᠂ ᠬᠦᠬᠡᠬᠤᠲᠠ ᠶᠢᠨ ᠲᠤᠮᠲᠠ ᠡᠮᠦᠨ᠎ᠡ ᠬᠡᠰᠡᠭ ᠶᠢᠡᠷ ᠪᠤᠷᠤᠭᠠᠨ ᠤᠷᠤᠨ᠎ᠠ᠃ ᠪᠠᠶᠠᠨᠨᠠᠭᠤᠷ᠂ ᠤᠷᠲᠤᠰ ᠤᠨ ᠬᠤᠢᠢᠲᠤ ᠬᠡᠰᠡᠭ᠂ ᠪᠤᠭᠤᠲᠤ᠂ ᠬᠦᠬᠡᠬᠤᠲᠠ᠂ ᠤᠯᠠᠭᠠᠨᠴᠠᠪ᠂ ᠰᠢᠯᠢ ᠶᠢᠨ ᠭᠤᠤᠯ ᠤᠨ ᠪᠠᠷᠠᠭᠤᠨ ᠬᠡᠰᠡᠭ ᠤᠨ ᠠᠭᠠᠷ ᠤᠨ ᠲᠤᠯᠠᠭᠠᠨ 68ᠲᠤᠷᠤᠭᠰᠢᠯᠠᠨ᠎ᠠ᠃

    ᠪᠤᠷᠤᠭᠠᠨ ᠬᠤᠷ᠎ᠠ ᠲᠠᠢ ᠴᠠᠭ ᠠᠭᠠᠷ ᠨᠢ ᠬᠦᠷᠦᠰᠦᠨ ᠤ ᠴᠢᠭᠢᠭ᠌ ᠢ ᠨᠡᠮᠡᠭᠲᠡᠬᠦᠯᠬᠦ ᠪᠤᠯᠬᠤᠷ ᠲᠠᠷᠢᠶᠠᠨ ᠴᠢᠬᠢ ᠶᠢᠨ ᠪᠤᠢᠢᠵᠢᠯᠲᠠ ᠪᠤᠶᠤ ᠡᠪᠡᠰᠦ ᠤᠷᠭᠤᠮᠠᠯ ᠤᠨ ᠤᠷᠭᠤᠯᠲᠠ ᠳ᠋ᠤ ᠠᠰᠢᠭᠲᠠᠢ᠂ ᠴᠠᠭ ᠠᠭᠠᠷ ᠤᠨ ᠠᠰᠢᠭᠲᠠᠢ ᠨᠦᠬᠦᠴᠡᠯ ᠢ ᠠᠮᠵᠢᠵᠤ ᠮᠠᠯᠵᠢᠬᠤ ᠲᠠᠷᠢᠶᠠᠯᠠᠬᠤ ᠦᠢᠯᠡᠳᠪᠦᠷᠢᠯᠡᠯ ᠶᠢᠡᠨ ᠰᠠᠢᠢᠲᠦᠷ ᠲᠤᠬᠢᠷᠠᠭᠤᠯᠵᠤ᠂ ᠪᠤᠷᠤᠭᠠᠨ ᠬᠤᠷ᠎ᠠ ᠲᠠᠢ ᠴᠠᠭ ᠲᠤ ᠠᠶᠠᠨ ᠵᠠᠮ ᠤᠨ ᠠᠮᠤᠷ ᠲᠦᠪᠰᠢᠨ ᠢ ᠠᠩᠬᠠᠷᠬᠤ ᠶᠢ ᠴᠠᠭ ᠠᠭᠤᠷ ᠤᠨ ᠰᠠᠯᠠᠭ᠎ᠠ ᠮᠦᠴᠢᠷ ᠰᠠᠨᠠᠭᠤᠯᠵᠤ ᠪᠠᠢᠢᠨ᠎ᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118969375