蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠭᠤᠷᠪᠠᠲᠤᠭᠠᠷ ᠬᠤᠭᠤᠴᠠᠭᠠᠨ ᠤ ᠮᠤᠷᠢᠨ ᠮᠡᠷᠭᠡᠵᠢᠯ ᠤᠨ ᠨᠠᠢᠢᠷ ᠡᠬᠢᠯᠡᠪᠡ

2016-06-14 10:31

    6 ᠰᠠᠷ᠎ᠠ ᠶᠢᠨ 11 ᠤ ᠡᠲᠦᠷ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠪᠠᠶ᠎ᠠ  ᠢᠢᠨ ᠲᠠᠮᠢᠷ ᠤᠨ ᠲᠤᠪᠴᠢᠶ᠎ᠠ ᠡᠴᠡ ᠡᠷᠬᠢᠯᠡᠭᠰᠡᠨ ᠲᠤᠮᠲᠠᠲᠤ ᠤᠯᠤᠰ·ᠦᠪᠦᠷ ᠮᠤᠩᠭ᠋ᠤᠯ ᠤᠨ ᠭᠤᠷᠪᠠᠲᠤᠭᠠᠷ ᠬᠤᠭᠤᠴᠠᠭᠠᠨ ᠤ ᠮᠤᠷᠢᠨ ᠮᠡᠷᠭᠡᠵᠢᠯ ᠤᠨ ᠨᠠᠢᠢᠷ ᠵᠢᠴᠢ 2016 ᠤᠨ ᠤ ᠬᠤᠷᠲᠤᠨ ᠮᠤᠷᠢᠨ ᠤ ᠤᠷᠤᠯᠲᠤᠭᠠᠨ ᠬᠢᠩᠭ᠋ᠠᠨ ᠠᠢᠢᠮᠠᠭ ᠤᠨ ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠳ᠋ᠤ ᠪᠤᠯᠵᠤ ᠦᠩᠭᠡᠷᠡᠪᠡ᠃

    ᠤᠢᠢᠯᠠᠭᠠᠭᠰᠠᠨ ᠶᠢᠡᠷ᠂ ᠤᠷᠤᠯᠲᠤᠭᠠᠨ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠦᠷᠭᠦᠯᠵᠢᠯᠡᠨ᠎ᠡ᠂ 450 ᠲᠦᠮᠡᠨ ᠲᠦᠭᠦᠷᠢᠭ᠌ ᠤᠨ ᠬᠦᠷᠦᠩᠬᠡ ᠤᠷᠤᠭᠤᠯᠤᠯᠲᠠ ᠲᠠᠢ᠂ ᠬᠦᠷᠢᠶ᠎ᠠ ᠬᠡᠪᠴᠢᠶ᠎ᠠ ᠦᠷᠭᠡᠨ᠂ ᠨᠦᠯᠦᠭᠡᠯᠡᠬᠦ ᠬᠦᠴᠦᠨ ᠪᠦᠬᠦᠢ ᠪᠠᠶ᠎ᠠ ᠵᠢᠨ ᠲᠠᠮᠢᠷ᠂ ᠰᠤᠶᠤᠯ ᠤᠷᠠᠯᠢᠭ᠂ ᠠᠶᠠᠯᠠᠯ ᠵᠢᠭᠤᠯᠴᠢᠯᠠᠯ ᠢ ᠠᠭᠤᠰᠤᠯᠴᠠᠭᠤᠯᠤᠭᠰᠠᠨ ᠮᠤᠷᠢᠨ ᠮᠡᠷᠭᠡᠵᠢᠯ ᠤᠨ ᠤᠷᠤᠯᠲᠤᠭᠠᠨ ᠢ ᠵᠤᠬᠢᠶᠠᠨ ᠪᠠᠢᠢᠭᠤᠯᠬᠤ ᠪᠤᠯᠤᠨ᠎ᠠ᠃ ᠬᠤᠶᠠᠲᠤᠭᠠᠷ ᠲᠠᠯᠠᠪᠠᠢ ᠤᠷᠤᠯᠲᠤᠭᠠᠨ 6 ᠰᠠᠷ᠎ᠠ ᠶᠢᠨ 18 ᠤ ᠡᠲᠦᠷ ᠶᠠᠪᠤᠭᠲᠠᠨ᠎ᠠ᠃

    ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤ ᠪᠠᠰᠠ 7 ᠰᠠᠷ᠎ᠠ ᠶᠢᠨ ᠲᠤᠮᠲᠠᠴᠢ ᠪᠡᠷ《ᠲᠡᠯᠡᠬᠡᠢ ᠶᠢᠨ ᠮᠤᠩᠭ᠋ᠤᠯ ᠰᠤᠶᠤᠯ ᠠᠶᠠᠯᠠᠯ ᠵᠢᠭᠤᠯᠴᠢᠯᠠᠯ》 ᠤᠨ ᠮᠤᠷᠢᠨ ᠤᠷᠤᠯᠲᠤᠭᠠᠨ ᠤ ᠠᠵᠢᠯᠯᠠᠭ᠎ᠠ ᠵᠤᠬᠢᠶᠠᠨ ᠪᠠᠢᠢᠭᠤᠯᠵᠤ᠂ 《 ᠲᠤᠮᠲᠠᠲᠤ ᠤᠯᠤᠰ ᠤᠨ ᠬᠤᠷᠲᠤᠨ ᠮᠤᠷᠢᠨ ᠤ ᠱᠠᠩᠨᠠᠯᠲᠤ ᠤᠷᠤᠯᠲᠤᠭᠠᠨ》᠂《ᠨᠢᠭᠡ ᠪᠦᠰᠡ ᠨᠢᠭᠡ ᠵᠠᠮ ᠤᠨ ᠤᠯᠠᠨ ᠤᠯᠤᠰ ᠤᠨ ᠬᠤᠷᠲᠤᠨ ᠮᠤᠷᠢᠨ ᠤ ᠤᠷᠢᠯᠭ᠎ᠠ ᠶᠢᠨ ᠤᠷᠤᠯᠲᠤᠭᠠᠨ》᠂《ᠲᠡᠯᠡᠬᠡᠢ ᠶᠢᠨ ᠮᠤᠩᠭ᠋ᠤᠯ ᠵᠢᠷᠤᠭ᠎ᠠ ᠮᠤᠷᠢ᠂ ᠴᠡᠪᠡᠷ ᠡᠭᠦᠯᠲᠡᠷ ᠤᠨ ᠤᠷᠤᠯᠲᠤᠭᠠᠨ》ᠵᠡᠷᠭᠡ ᠤᠷᠤᠯᠲᠤᠭᠠᠨ ᠢ ᠵᠤᠬᠢᠶᠠᠨ ᠪᠠᠢᠢᠭᠤᠯᠬᠤ ᠪᠡᠷ ᠪᠠᠢᠢᠨ᠎ᠠ᠃

ᠢᠷᠡᠯᠳᠡ᠄ ᠤᠮᠠᠷᠠᠲᠤ ᠶᠢᠨ ᠰᠢᠨ᠎ᠡ ᠰᠤᠨᠢᠨ᠂ ᠬᠢᠩᠭ᠋ᠠᠨ ᠤ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119039111