蒙古文网站Logo
ᠰᠢᠨᠬᠤᠸᠠ ᠮᠤᠩᠭ᠋ᠤᠯ ᠨᠧᠲ

ᠪᠠᠶᠠᠨᠨᠠᠭᠤᠷ ᠬᠤᠳᠠ ᠶᠢᠨ ᠬᠡᠰᠡᠭ ᠭᠠᠵᠠᠷ ᠤᠷᠤᠨ ᠮᠦᠨᠳᠦᠷ ᠤᠨ ᠭᠠᠮᠰᠢᠭ ᠲᠤ ᠳᠠᠭᠠᠷᠢᠭᠳᠠᠪᠠ

2016-06-20 10:27

    ᠣᠶᠢᠷ᠎ᠠ ‍ᠳ᠋ᠣ ᠂ ᠦᠪᠦᠷ ᠮᠤᠩᠭ᠋ᠤᠯ ᠤᠨ ᠪᠠᠶᠠᠨᠨᠠᠭᠤᠷ ᠬᠤᠲᠠ ᠶᠢᠨ ‍ᠳ᠋ᠸᠩᠺᠸᠤ ᠰᠢᠶᠡᠨ ᠂ ᠯᠢᠨ ᠡᠾᠸ ᠲᠤᠭᠤᠷᠢᠭ ᠂ ᠦᠶᠦᠸᠡᠨ ᠰᠢᠶᠠᠨ ᠂ ᠤᠷᠠᠳ ᠤᠨ ᠲᠤᠮᠲᠠᠲᠤ ᠬᠤᠰᠢᠭᠤ ᠵᠠᠯᠭᠠᠪᠠᠷ ᠰᠢᠷᠦᠭᠦᠨ ᠪᠤᠷᠤᠭᠠᠨ ᠮᠦᠨᠳᠦᠷ ᠤᠨ ᠭᠠᠮᠰᠢᠭ ᠲᠤ ᠲᠠᠭᠠᠷᠢᠭᠳᠠᠵᠤ ᠂ ᠮᠦᠨᠳᠦᠷ ᠤᠨ ‍ᠳ᠋ᠢᠶᠠᠮᠸᠲ᠋ᠷ ᠨᠢ 3 ᠡᠴᠡ 5 ᠰᠡᠨᠲ᠋ᠢᠮᠸᠲ᠋ᠷ ᠲᠤ ᠬᠦᠷᠪᠡ ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠩᠬ᠎ᠠ ᠠᠯᠬᠤᠮ ᠤᠨ ᠪᠠᠶᠢᠴᠠᠭᠠᠯᠳᠠ ᠶᠢ ᠦᠨᠳᠦᠰᠦᠯᠡᠪᠡᠯ ᠂ ᠬᠠᠩᠭᠢᠨ ᠬᠤᠶᠢᠲᠤ ᠬᠤᠰᠢᠭᠤᠨ ᠤ ᠡᠯ ‍ᠳ᠋ᠤᠤ ᠴᠢᠶᠤᠤ ᠪᠠᠯᠭᠠᠰᠤ ᠂ ᠲᠤᠸᠠᠨ ᠵᠢᠶᠸ ᠪᠠᠯᠭᠠᠰᠤ ᠂ ᠤᠷᠠᠳ ᠤᠨ ᠲᠤᠮᠲᠠᠲᠤ ᠬᠤᠰᠢᠭᠤᠨ ᠤ ᠦᠵᠦᠭᠦᠷ ᠭᠤᠤᠯ ᠪᠠᠯᠭᠠᠰᠤ ᠂ ᠹᠦ᠋ ᠰᠢᠩ ᠪᠠᠯᠭᠠᠰᠤ ᠂ ‍ᠳ᠋ᠸᠩᠺᠸᠤ ᠰᠢᠶᠡᠨ ᠤ ᠯᠦᠩ ᠱᠸᠩ ᠡᠾᠸ ᠪᠠᠯᠭᠠᠰᠤ ᠂ ᠋ ᠪᠠᠶᠠᠨ ᠭᠤᠤᠯ ᠪᠠᠯᠭᠠᠰᠤ ᠂ ‍ᠳ᠋ᠦ᠋ ‍ᠺᠸᠤ ᠪᠠᠯᠭᠠᠰᠤ ᠂ ᠪᠤᠯᠤᠩ ᠨᠠᠭᠤᠷ ᠪᠠᠯᠭᠠᠰᠤ ᠂ ᠱᠠᠵᠢᠨᠲᠤᠬᠤᠢ ᠰᠤᠮᠤ᠂ ᠪᠠᠶᠠᠨᠲᠤᠬᠤᠢ ᠲᠠᠷᠢᠶᠠᠯᠠᠩ ᠤᠨ ᠲᠠᠯᠠᠪᠠᠢ ᠂ ᠤᠯᠠᠭᠠᠨᠪᠤᠬ᠎ᠠ ᠲᠠᠷᠢᠶᠠᠯᠠᠩ ᠤᠨ ᠲᠠᠯᠠᠪᠠᠢ ᠂ ᠨᠡᠷᠢᠨᠲᠤᠬᠤᠢ ᠲᠠᠷᠢᠶᠠᠯᠠᠩ ᠤᠨ ᠲᠡᠯᠡᠪᠡᠢ ᠂ ᠬᠠᠲᠤᠨᠲᠤᠬᠤᠢ ᠲᠠᠷᠢᠶᠠᠯᠠᠩ ᠤᠨ ᠲᠠᠯᠠᠪᠠᠢ ᠂ ᠯᠢᠨ ᠡᠾᠸ ᠲᠤᠭᠤᠷᠢᠭ ᠤᠨ ᠤᠯᠠᠭᠠᠨᠳᠤᠭ ᠪᠠᠯᠭᠠᠰᠤ ᠂ ᠪᠠ ᠢ ᠰᠢᠶᠠᠩ ᠂ ᠱᠤᠸᠠᠩ ᠡᠾᠸ ᠪᠠᠯᠭᠠᠰᠤ ᠵᠡᠷᠭᠡ 6 ᠬᠤᠰᠢᠭᠤ ᠰᠢᠶᠡᠨ ᠲᠤᠭᠤᠷᠢᠭ ᠤᠨ 20 ᠰᠤᠮᠤ ᠂ ᠰᠢᠶᠠᠩ ᠪᠠᠯᠭᠠᠰᠤ ᠲᠠᠷᠢᠶᠠᠯᠠᠩ ᠤᠨ ᠲᠠᠯᠠᠪᠠᠢ ᠵᠢᠴᠢ 90 ᠭᠠᠴᠠᠭ᠎ᠠ ᠲᠤᠰᠬᠤᠨ ᠪᠤᠯᠤᠨ ᠬᠤᠪᠢᠶᠠᠷᠢ ᠳᠠᠷᠢᠶᠠᠯᠠᠩ ᠤᠨ ᠲᠡᠯᠡᠪᠡᠢ ᠶᠢᠨ 14953 ᠡᠷᠦᠬᠡ ᠶᠢᠨ 50799 ᠬᠦᠮᠦᠨ ᠠᠳᠠᠯᠢ ᠪᠤᠰᠤ ᠬᠡᠮᠵᠢᠶ᠎ᠡ ᠪᠡᠷ ᠭᠠᠮᠰᠢᠭᠳᠠᠭᠰᠠᠨ ᠪᠠᠶᠢᠨ᠎ᠠ ᠃ ᠮᠦᠨᠳᠦᠷ ᠤᠨ ᠭᠠᠮᠰᠢᠭ ᠲᠤ ᠲᠠᠭᠠᠷᠢᠭᠳᠠᠭᠰᠠᠨ ᠲᠠᠷᠢᠮᠠᠯ ᠤᠨ ᠵᠦᠢᠯ ᠭᠡᠪᠡᠯ ᠭᠤᠤᠯᠳᠠᠭᠤ ᠨᠠᠷᠠᠨᠬᠤᠸᠠᠷ ᠂ ᠡᠷᠳᠡᠨᠢ ᠰᠢᠰᠢ ᠂ ᠪᠤᠭᠤᠳᠠᠢ ᠂ ᠲᠦᠮᠦᠰᠦ ᠂ ᠲᠦᠪᠡᠳ ᠬᠠᠰᠢ ᠂ ᠴᠢᠨᠵᠤᠤ ᠂ ᠬᠤᠯᠤ ᠂ ᠪᠡᠯᠲᠤ ᠬᠡᠮᠬᠡ ᠵᠡᠷᠭᠡ ᠪᠠᠶᠢᠵᠤ ᠂ ᠭᠠᠮᠰᠢᠭ ᠲᠤ ᠲᠠᠭᠠᠷᠢᠭᠳᠠᠭᠰᠠᠨ ᠲᠠᠷᠢᠮᠠᠯ ᠤᠨ ᠲᠠᠯᠠᠪᠠᠢ 21068.76 ᠡᠾᠸᠺᠲ᠋ᠡᠷ ᠲᠤ ᠬᠦᠷᠴᠦ ᠂ ᠨᠢᠬᠡᠨᠲᠡ ᠬᠢᠨᠡᠨ ᠪᠠᠶᠢᠴᠠᠭᠠᠵᠤ ᠲᠤᠭᠳᠠᠭᠠᠭᠰᠠᠨ ᠭᠠᠮᠰᠢᠭ ᠡᠴᠡ ᠪᠤᠯᠤᠭᠰᠠᠨ ᠠᠵᠤ ᠠᠬᠤᠢ ᠶᠢᠨ ᠰᠢᠭᠤᠳ ᠬᠤᠬᠢᠷᠠᠯ ᠨᠢ 15276.63 ᠲᠦᠮᠡᠨ ᠲᠦᠬᠦᠷᠢᠭ᠌᠌ ᠲᠤ ᠬᠦᠷᠦᠭᠰᠠᠨ ᠪᠠᠶᠢᠨ᠎ᠠ ᠃

    ᠮᠦᠨᠳᠦᠷ ᠤᠨ ᠭᠠᠮᠰᠢᠭ ᠡᠭᠦᠰᠦᠭᠰᠡᠨ ᠤ ᠲᠠᠷᠠᠭ᠎ᠠ ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠤᠷᠳᠤᠨ ᠤ ᠤᠳᠤᠷᠢᠳᠤᠯᠭ᠎ᠠ ᠵᠢᠴᠢ ᠡᠯ᠎ᠡ ᠱᠠᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠠᠷᠤᠢ ᠲᠦᠷᠭᠡᠨ ᠬᠦᠳᠦᠯᠦᠯᠴᠡᠨ ᠂ ᠺᠠᠳ᠋ᠷ ᠠᠵᠢᠯᠳᠠᠨ ᠢᠶᠠᠨ ᠭᠠᠮᠰᠢᠭᠳᠠᠭᠰᠠᠨ ᠤᠷᠤᠨ ᠳ᠋ᠤ ᠤᠴᠢᠭᠤᠯᠵᠤ ᠭᠠᠮᠰᠢᠭ  ᠠᠴᠠ ᠠᠪᠤᠷᠠᠬᠤ ᠠᠵᠢᠯ ᠢ ᠦᠷᠨᠢᠭᠦᠯᠪᠠ ᠃ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠭᠠᠮᠰᠢᠭ ᠤᠨ ᠪᠠᠶᠢᠳᠠᠯ ᠢ ᠪᠠᠶᠢᠴᠠᠭᠠᠨ ᠲᠤᠲᠤᠯᠠᠵᠤ ᠂ ᠭᠠᠮᠰᠢᠭᠳᠠᠭᠰᠠᠨ ᠤᠯᠠᠨ ᠲᠦᠮᠡᠨ ᠢ ᠲᠤᠬᠤᠨᠢᠭᠤᠯᠪᠠ ᠃ ᠲᠠᠷᠢᠶᠠᠯᠠᠩ ᠤᠨ ᠰᠠᠯᠠᠭ᠎ᠠ ᠮᠦᠴᠢᠷ ᠮᠡᠷᠭᠡᠵᠢᠯᠲᠡᠨ ᠢᠶᠠᠨ ᠲᠤᠮᠢᠯᠠᠨ ᠤᠯᠠᠨ ᠲᠦᠮᠡᠨ ᠢ ᠳᠠᠶᠢᠴᠢᠯᠠᠨ ᠦᠢᠯᠡᠳᠪᠤᠷᠢᠯᠡᠯ ᠢᠶᠠᠷ ᠦᠪᠡᠷ ᠢ ᠪᠡᠨ ᠠᠪᠤᠷᠠᠬᠤ ᠠᠵᠢᠯᠯᠠᠭ᠎ᠠ ᠦᠷᠨᠢᠬᠦᠯᠵᠦ ᠂ ᠲᠠᠷᠢᠶᠠᠯᠠᠩ ᠤᠨ ᠲᠠᠭᠠᠳᠬᠠᠯ ᠤᠨ ᠺᠤᠮᠫᠠᠨᠢ ᠨᠢ ᠲᠠᠷᠢᠶᠠᠯᠠᠩ ᠤᠨ ᠲᠠᠭᠠᠳᠬᠠᠯ ᠤᠨ ᠲᠦᠯᠦᠪᠦᠷᠢ ᠦᠭ᠍ᠬᠦ ᠠᠵᠢᠯ ᠢ ᠪᠦᠬᠦ ᠳᠠᠯ᠎ᠠ ᠪᠠᠷ ᠭᠠᠷᠳᠠᠨ ᠬᠢᠵᠤ ᠡᠬᠢᠯᠡᠭᠰᠠᠨ ᠪᠠᠶᠢᠨ᠎ᠠ ᠃ ᠡᠭᠦᠨ ᠤ ᠬᠠᠮᠳᠤ ᠂ ᠲᠠᠷᠢᠶᠠᠯᠠᠩ ᠤᠨ ᠳᠤᠰᠬᠠᠢ ᠮᠡᠷᠭᠡᠵᠢᠯᠳᠡᠳ ᠳᠠᠷᠢᠶᠠᠨ ᠭᠠᠵᠠᠷ ᠢᠶᠠᠷ ᠭᠦᠨᠵᠡᠭᠡᠶᠢᠷᠡᠨ ᠳᠠᠷᠢᠶᠠᠴᠢᠳ ᠢ ᠵᠢᠯᠤᠭᠤᠳᠤᠨ ᠂ ᠭᠠᠮᠰᠢᠭ ᠲᠤ ᠳᠠᠭᠠᠷᠢᠭᠳᠠᠭᠰᠠᠨ ᠳᠠᠷᠢᠶᠠᠨ ᠭᠠᠵᠠᠷ ᠢᠶᠠᠨ ᠴᠡᠪᠡᠷᠯᠡᠵᠤ ᠂ ᠳᠠᠬᠢᠨ ᠤᠷᠭᠤᠯᠳᠠ ᠶᠢᠨ ᠬᠤᠭᠤᠴᠠᠭ᠎ᠠ ᠪᠠᠷ ᠤᠬᠤᠷ ᠨᠠᠷᠠᠨ ᠬᠤᠸᠡᠷ ᠂ ᠬᠦᠬᠡ ᠪᠡᠷ ᠲᠠᠷᠤᠰᠢᠭᠤᠯᠬᠤ ᠡᠷᠳᠡᠨᠢ ᠰᠢᠰᠢ ᠂ ᠭᠤᠸᠠ ᠶᠢᠨ ᠵᠦᠢᠯ ᠂ ᠵᠤᠨ ᠤ ᠴᠠᠭᠠᠨ ᠨᠤᠭᠤᠭ᠎ᠠ ᠵᠡᠷᠭᠡ ᠤᠷᠭᠤᠯᠳᠠ ᠶᠢᠨ ᠬᠤᠭᠤᠴᠠᠭ᠎ᠠ  ᠪᠠᠷ ᠤᠬᠤᠷ ᠲᠠᠷᠢᠮᠠᠯ ᠤᠨ ᠵᠦᠢᠯ ᠢ ᠨᠦᠬᠦᠨ ᠲᠠᠷᠢᠵᠤ ᠂ ᠭᠠᠮᠰᠢᠭ  ᠠᠴᠠ ᠪᠤᠯᠤᠭᠰᠠᠨ ᠬᠤᠬᠢᠷᠠᠯ ᠢ ᠬᠠᠮᠤᠭ ᠤᠨ ᠳᠤᠤᠷ᠎ᠠ ᠬᠡᠮᠵᠢᠶᠡᠨ ᠳ᠋ᠤ ᠬᠦᠷᠳᠡᠯ᠎ᠡ ᠬᠢᠵᠠᠭᠠᠷᠯᠠᠬᠤ ᠪᠠᠷ ᠴᠢᠷᠮᠠᠶᠢᠵᠤ ᠪᠠᠶᠢᠨ᠎ᠠ ᠃ 

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119074521