蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠢᠷᠡᠬᠦ ᠬᠡᠲᠦᠨ ᠬᠤᠨᠤᠭ ᠲᠤ ᠪᠤᠷᠤᠭᠠᠨ ᠬᠤᠷ᠎ᠠ ᠲᠠᠢ ᠴᠠᠭ ᠠᠭᠠᠷ ᠦᠷᠭᠦᠯᠵᠢᠯᠡᠨ᠎ᠡ

2016-06-21 16:38

    ᠰᠢᠨᠬᠤᠸᠠ ᠮᠤᠩᠭ᠋ᠤᠯ ᠨᠧᠲ  ᠬᠦᠬᠡᠬᠤᠲᠠ ᠶᠢᠨᠰᠠᠷ᠎ᠠ ᠶᠢᠨ21 ᠤ ᠡᠲᠦᠷ ᠤᠨ ᠴᠠᠬᠢᠯᠭᠠᠨ ᠮᠡᠲᠡᠭᠡ (ᠬ·ᠦᠵᠡᠰᠭᠦᠯᠡᠩ) ᠦᠪᠦᠷ ᠮᠤᠩᠭ᠋ᠤᠯ ᠤᠨ ᠴᠠᠭ ᠠᠭᠤᠷ ᠤᠨ ᠬᠤᠷᠢᠶᠠᠨ ᠤ ᠤᠷᠢᠳᠴᠢᠯᠠᠨ ᠲᠤᠭᠠᠴᠠᠭᠠᠯᠠᠭᠰᠠᠨ ᠶᠢᠡᠷ᠂ ᠦᠨᠦᠲᠦᠷ ᠦᠪᠦᠷ ᠮᠤᠩᠭ᠋ᠤᠯ ᠤᠨ ᠤᠯᠠᠩᠬᠢ ᠭᠠᠵᠠᠷ ᠡᠭᠦᠯᠡᠰᠢᠨ᠎ᠡ᠂ ᠪᠠᠷᠠᠭᠤᠨ ᠡᠮᠦᠨ᠎ᠡ ᠡᠴᠡ 3 – 4 ᠲᠡᠰ ᠤᠨ ᠰᠠᠯᠬᠢ ᠲᠠᠢ᠂ ᠢᠷᠡᠬᠦ ᠬᠡᠲᠦᠨ ᠬᠤᠨᠤᠭ ᠲᠤ ᠦᠪᠦᠷ ᠮᠤᠩᠭ᠋ᠤᠯ ᠤᠨ ᠪᠠᠷᠠᠭᠤᠨ ᠬᠡᠰᠡᠭ᠂ ᠲᠤᠮᠲᠠ ᠵᠡᠬᠦᠨ ᠬᠡᠰᠡᠭ ᠶᠢᠡᠷ ᠪᠤᠷᠤᠭᠠᠨ ᠬᠤᠷ᠎ᠠ ᠲᠠᠢ ᠴᠠᠭ ᠠᠭᠠᠷ ᠢᠯᠡᠷᠡᠵᠦ᠂ ᠤᠬᠤᠷ ᠬᠤᠭᠤᠴᠠᠭᠠᠨ ᠳ᠋ᠤ ᠮᠦᠨᠲᠦᠷ ᠤᠷᠤᠬᠤ᠂ ᠠᠶᠤᠩᠭ᠋᠎ᠠ ᠨᠢᠷᠭᠡᠬᠦ᠂ ᠰᠠᠯᠬᠢ ᠲᠡᠭᠲᠡᠬᠦ ᠰᠤᠯᠢᠭ ᠤᠷᠤᠰᠬᠠᠯᠲᠤ ᠴᠠᠭ ᠠᠭᠠᠷ ᠢᠯᠡᠷᠡᠬᠦ ᠪᠤᠯᠤᠨ᠎ᠠ᠃ ᠪᠤᠷᠤᠭᠠᠨ ᠤ ᠲᠠᠷᠠᠭ᠎ᠠ᠂ ᠭᠠᠷᠠᠭ ᠤᠨ ᠵᠢᠷᠭᠤᠭᠠᠨ ᠡᠴᠡ ᠪᠦᠭ᠍ᠴᠢᠮ ᠬᠠᠯᠠᠭᠤᠨ ᠴᠠᠭ ᠠᠭᠠᠷ ᠢᠯᠡᠷᠡᠨ᠎ᠡ᠃

    ᠤᠢᠢᠷ᠎ᠠ ᠶᠢᠨ ᠡᠲᠦᠷ᠂ ᠵᠠᠷᠢᠮ ᠬᠤᠳᠠ ᠶᠢᠨ ᠬᠠᠮᠤᠭ ᠤᠨ ᠦᠨᠳᠦᠷ ᠠᠭᠠᠷ ᠤᠨ ᠲᠤᠯᠠᠭᠠᠨ 30℃ ᠢ ᠲᠠᠪᠠᠭᠰᠠᠨ ᠢ ᠭᠠᠷᠭᠠᠪᠠᠯ᠂ ᠪᠤᠰᠤᠳ ᠭᠠᠵᠠᠷ ᠲᠦ ᠴᠠᠭ ᠠᠭᠠᠷ ᠰᠡᠷᠢᠬᠦᠨ ᠲᠠᠭᠠᠯᠠᠮᠵᠢᠲᠠᠢ᠂ ᠬᠦᠲᠡᠭᠡ ᠨᠤᠲᠤᠭ ᠶᠢᠡᠷ ᠨᠠᠢᠢᠷ ᠨᠠᠭᠠᠲᠤᠮ ᠦᠵᠡᠵᠤ ᠬᠡᠶᠢᠮᠦᠷᠢ ᠰᠡᠷᠬᠦᠭᠡᠨ ᠶᠠᠪᠤᠬᠤ ᠳ᠋ᠤ ᠲᠤᠬᠢᠲᠠᠢ ᠪᠠᠢᠢᠨ᠎ᠠ᠃ ᠪᠤᠷᠤᠭᠠᠨ ᠬᠤᠷ᠎ᠠ ᠲᠠᠢ ᠦᠶ᠎ᠡ ᠳᠤ ᠠᠶᠠᠨ ᠵᠠᠮ ᠤᠨ ᠠᠮᠤᠷ ᠲᠦᠪᠰᠢᠨ ᠶᠢᠡᠨ ᠠᠩᠬᠠᠷᠬᠤ ᠶᠢ ᠴᠠᠭ ᠠᠭᠤᠷ ᠤᠨ ᠠᠯᠪᠠᠨ ᠤ ᠬᠢᠨ ᠰᠠᠨᠠᠭᠤᠯᠵᠤ ᠪᠠᠢᠢᠨ᠎ᠠ᠃

 

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119085688