蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠮᠤᠩᠭ᠋ᠤᠯ ᠷᠠᠳᠢᠤ᠋ ᠰᠢᠨ᠎ᠠ ᠪᠠᠭᠤᠴᠠᠨ ᠡᠴᠡ ᠪᠠᠨ ᠮᠤᠩᠭ᠋ᠤᠯ ᠠᠶᠠᠯᠭᠤ ᠲᠠᠭᠤᠷᠢᠰᠤᠭᠤᠯᠤᠨ᠎ᠠ

2016-06-22 11:07

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ6ᠰᠠᠷ᠎ᠠ ᠶᠢᠨ22 ᠤᠨ ᠡᠲᠦᠷ ᠤᠨ ᠴᠠᠬᠢᠯᠭᠠᠨ ᠮᠡᠲᠡᠭᠡ(·ᠦᠵᠡᠰᠭᠦᠯᠡᠩ)ᠦᠪᠦᠷ ᠮᠤᠩᠭ᠋ᠤᠯ ᠤᠨ ᠮᠤᠩᠭ᠋ᠤᠯ ᠷᠠᠳᠢᠤ᠋6ᠰᠠᠷ᠎ᠠ ᠶᠢᠨ21  ᠤ ᠡᠲᠦᠷ ᠤᠨ1800ᠴᠠᠭ ᠡᠴᠡ ᠬᠦᠬᠡᠬᠤᠲᠠ ᠶᠢᠨ ᠴᠢᠩᠬᠢᠰ ᠬᠠᠭᠠᠨ ᠵᠡᠬᠡᠯᠢ ᠳ᠋ᠡᠬᠢ ᠰᠢᠨ᠎ᠡ ᠪᠠᠭᠤᠴᠠᠨ ᠡᠴᠡ ᠪᠠᠨ ᠲᠤᠯᠬᠢᠶᠠᠨ ᠵᠠᠯᠭᠠᠵᠤ ᠨᠡᠪᠲᠡᠷᠡᠭᠦᠯᠭᠡ ᠪᠠᠨ ᠡᠬᠢᠯᠡᠬᠦᠯᠪᠡ᠃

    ᠦᠪᠦᠷ ᠮᠤᠩᠭ᠋ᠤᠯ ᠤᠨ ᠮᠤᠩᠭ᠋ᠤᠯ ᠷᠠᠳᠢᠤ᠋1950ᠤᠨ ᠤ11ᠰᠠᠷ᠎ᠠ ᠶᠢᠨ1 ᠡᠲᠦᠷᠤᠯᠠᠭᠠᠨ ᠲᠤᠭ ᠤᠨ ᠮᠠᠭᠲᠠᠭᠠᠯᠭᠡᠲᠡᠭ ᠢᠷᠡᠭᠤ ᠡᠬᠡᠰᠢᠭᠲᠦ ᠲᠠᠭᠤᠨ ᠳ᠋ᠤ ᠤᠯᠠᠭᠠᠨᠬᠤᠲᠠ ᠡᠴᠡ ᠠᠩᠬᠠᠨ ᠤ ᠨᠡᠪᠲᠡᠷᠡᠬᠦᠯᠭᠡ ᠪᠠᠨ ᠡᠬᠢᠯᠡᠬᠦᠯᠵᠡᠢ᠃1954ᠤᠨ ᠤ 5ᠰᠠᠷ᠎ᠠ ᠶᠢᠨ1 ᠤ ᠡᠲᠦᠷ ᠡᠴᠡ ᠬᠦᠬᠡᠬᠤᠲᠠ ᠡᠴᠡ ᠨᠡᠪᠲᠡᠷᠡᠬᠦᠯᠵᠦ ᠡᠬᠢᠯᠡᠭᠰᠡᠨ ᠪᠠᠶᠢᠨ᠎ᠠ᠃2000ᠤᠨ ᠤ ᠡᠬᠢ ᠪᠡᠷ ᠬᠦᠬᠡᠬᠤᠲᠠ ᠶᠢᠨ ᠰᠢᠨᠬᠤᠧᠠ ᠠᠭᠤᠲᠠᠮ ᠲᠠᠯᠠᠪᠠᠢ ᠶᠢᠨ ᠠᠷᠤ ᠳ᠋ᠤ ᠪᠠᠶᠢᠷᠢᠯᠠᠬᠤ ᠦᠪᠦᠷ ᠮᠤᠩᠭ᠋ᠤᠯ ᠤᠨ ᠷᠠᠳᠢᠤ᠋ ᠲᠸᠯᠸᠢᠰ ᠬᠤᠷᠢᠶᠠᠨ ᠤ ᠬᠠᠭᠤᠴᠢᠨ ᠪᠠᠶᠢᠷᠢ ᠡᠴᠡ ᠰᠢᠨ᠎ᠡ ᠪᠠᠶᠢᠷᠢ ᠳᠤ ᠨᠡᠭᠦᠵᠡᠢ᠃2016ᠤᠨ ᠤ6ᠰᠠᠷ᠎ᠠ ᠶᠢᠨ21 ᠤ ᠡᠲᠦᠷ ᠬᠦᠬᠡᠬᠤᠲᠠ ᠶᠢᠨ ᠴᠢᠩᠬᠢᠰ ᠬᠠᠭᠠᠨ ᠵᠡᠭᠡᠯᠢ ᠳ᠋ᠤ ᠪᠠᠢᠢᠭᠤᠯᠤᠭᠰᠠᠨ ᠰᠢᠨ᠎ᠠ ᠪᠠᠭᠤᠴᠠᠨ ᠳ᠋ᠠᠭᠠᠨ ᠨᠡᠬᠦᠯ᠎ᠡ᠃

    《ᠰᠠᠷᠠᠭᠤᠯ ᠲᠤᠬᠢᠯᠢᠭ ᠠᠵᠢᠯᠯᠠᠬᠤ ᠤᠷᠴᠢᠨ᠂ ᠲᠡᠷᠢᠬᠦᠨ ᠤ ᠲᠤᠨᠤᠭ ᠲᠦᠬᠦᠬᠡᠷᠦᠮᠵᠢ ᠬᠠᠩᠭ᠋ᠠᠵᠤ ᠦᠭᠴᠤ ᠪᠠᠶᠢᠭ᠎ᠠ ᠨᠢ ᠨᠠᠮ ᠵᠠᠰᠠᠭ ᠡᠴᠡ ᠷᠠᠳᠢᠤ᠋ ᠲᠸᠯᠸᠢᠰ ᠵᠠᠭᠤᠴᠢᠯᠠᠭᠤᠷ ᠢ ᠬᠦᠨᠳᠦᠳᠭᠡᠨ ᠦᠵᠡᠵᠦ ᠪᠠᠢᠢᠭ᠎ᠠ ᠶᠢᠨ ᠲᠦᠪᠯᠡᠷᠡᠩᠬᠦᠢ ᠪᠦᠭᠡᠳ ᠪᠤᠲᠠᠲᠠᠢ ᠢᠯᠡᠷᠡᠯ ᠪᠤᠯᠤᠨ᠎ᠠ᠂ ᠤᠨᠴᠠᠭᠠᠢᠢᠯᠠᠨ ᠨᠠᠮ ᠤᠨ ᠦᠨᠳᠦᠰᠦᠲᠡᠨ ᠤ ᠲᠤᠬᠠᠢ ᠲᠦᠷᠦ ᠶᠢᠨ ᠪᠤᠲᠤᠯᠭ᠎ᠠ ᠶᠢ ᠨᠠᠢᠢᠲᠠᠪᠤᠷᠢᠵᠢᠭᠤᠯᠵᠤ ᠲᠤᠤᠱᠯᠠᠭᠤᠯᠵᠤ ᠪᠠᠢᠢᠭ᠎ᠠ ᠶᠢᠨ ᠪᠤᠲᠠᠲᠠᠢ ᠢᠯᠡᠷᠡᠯ ᠮᠦᠨ᠃ ᠡᠶᠢᠮᠤ ᠪᠠᠶᠢᠳᠠᠯ ᠳᠤ ᠮᠤᠩᠭ᠋ᠤᠯ ᠷᠠᠳᠢᠤ᠋ ᠶᠢᠨ ᠰᠤᠷᠪᠤᠯᠵᠢᠯᠠᠭᠴᠢ ᠨᠠᠢᠢᠷᠠᠭᠤᠯᠤᠭᠴᠢ ᠳ᠋ᠠᠭᠠᠨ ᠲᠠᠯᠪᠢᠬᠤ ᠱᠠᠭᠠᠷᠲᠠᠯᠭ᠎ᠠ ᠨᠡᠩ ᠦᠨᠳᠦᠷ ᠪᠤᠯᠵᠠᠢᠭᠡᠵᠦ ᠦᠪᠦᠷ ᠮᠤᠩᠭ᠋ᠤᠯ ᠤᠨ ᠮᠤᠩᠭ᠋ᠤᠯ ᠷᠠᠳᠢᠤ᠋ ᠶᠢᠨ ᠵᠠᠬᠢᠷᠤᠯ ᠡᠯᠪᠡᠷᠢᠯᠲᠦ ᠶᠠᠷᠢᠨ᠎ᠡ᠃

ᠦᠪᠦᠷ ᠮᠤᠩᠭ᠋ᠤᠯ ᠤᠨ ᠮᠤᠩᠭ᠋ᠤᠯ ᠷᠠᠳᠢᠤ᠋ ᠶᠢᠨ ᠵᠠᠬᠢᠷᠤᠯ ᠡᠯᠪᠡᠷᠢᠯᠲᠦ

    ᠦᠪᠦᠷ ᠮᠤᠩᠭ᠋ᠤᠯ ᠤᠨ ᠮᠤᠩᠭ᠋ᠤᠯ ᠷᠠᠳᠢᠤ᠋ ᠨᠢ ᠤᠯᠤᠰ ᠤᠨ ᠲᠤᠲᠤᠭᠠᠲᠤ ᠭᠠᠲᠠᠭᠠᠲᠤ ᠳ᠋ᠤ ᠵᠤᠷᠢᠭᠤᠯᠤᠭᠰᠠᠨ ᠬᠤᠶᠠᠷ ᠰᠤᠪᠠᠭ ᠲᠠᠢ᠂ ᠲᠠᠭᠠᠭᠤᠯᠢ ᠤᠲᠤ ᠪᠡᠷ ᠠᠽᠢᠶ᠎ᠠ ᠨᠤᠮᠤᠬᠠᠨ ᠲᠠᠯᠠᠢ ᠶᠢᠨ50ᠭᠠᠷᠤᠢ ᠤᠯᠤᠰ ᠤᠷᠤᠨ ᠳ᠋ᠤ ᠡᠲᠦᠷ ᠲᠤ36ᠴᠠᠭ ᠤᠨ ᠨᠡᠪᠲᠡᠷᠡᠭᠦᠯᠭᠡ ᠪᠡᠯᠡᠳᠭᠡᠨ ᠬᠦᠷᠭᠡᠵᠦ ᠪᠠᠢᠢᠲᠠᠭ᠃ ᠡᠭᠦᠨ ᠳ᠋ᠤᠲᠠᠯ᠎ᠠ ᠶᠢᠨ ᠲᠠᠭᠤ ᠬᠤᠭᠤᠯᠠᠢᠷᠠᠳᠢᠤ᠋ ᠮᠤᠩᠭ᠋ᠤᠯ ᠤᠯᠤᠰ ᠤᠨ ᠤᠯᠠᠭᠠᠨᠪᠠᠭᠠᠲᠤᠷ ᠬᠤᠳᠠ ᠳᠤ8ᠴᠠᠭ ᠤᠨ ᠨᠡᠪᠲᠡᠷᠡᠭᠦᠯᠭᠡ ᠰᠠᠴᠤᠨ ᠬᠦᠷᠭᠡᠵᠦ ᠪᠠᠢᠢᠲᠠᠭ᠃ ᠰᠤᠨᠤᠰᠤᠭᠴᠢ ᠲᠦᠮᠡᠨ ᠤ ᠪᠠᠨ ᠬᠦᠨᠳᠦᠳᠭᠡᠯ ᠪᠠᠬᠠᠷᠬᠠᠯ ᠢ ᠤᠯᠤᠭᠰᠠᠨ《ᠮᠠᠯᠴᠢᠨ ᠲᠠᠷᠢᠶᠠᠴᠢᠨ ᠤ ᠬᠠᠨᠢ》᠂《ᠬᠡᠦᠬᠡᠳ ᠤᠨ ᠶᠢᠷᠲᠢᠨᠴᠦ 》᠂《ᠲᠠᠨ ᠳ᠋ᠤ ᠦᠢᠯᠡᠴᠢᠯᠡᠬᠦ ᠵᠤᠭᠤᠭ》᠂《ᠦᠳᠡᠰᠢ ᠶᠢᠨ ᠴᠢᠯᠦᠭᠡ》᠂《ᠰᠤᠨᠢᠨ ᠮᠡᠲᠡᠭᠡᠨ ᠤ ᠦᠷᠭᠡᠨ ᠬᠠᠷᠠᠭᠠᠰᠤ》᠂《ᠰᠤᠶᠤᠯ ᠤᠨ ᠲᠦᠷᠦᠭᠡ》᠂《ᠤᠶᠠᠩᠭ᠋᠎ᠠ ᠶᠢᠨ ᠺᠯᠦ᠋ᠪ》᠂《ᠰᠡᠳᠭᠢᠯ ᠤᠨ ᠲᠤᠯᠠᠭᠠᠨ ᠪᠠᠭᠤᠴᠠ》ᠵᠡᠷᠭᠡ ᠰᠢᠭᠤᠳ ᠨᠡᠪᠲᠡᠷᠡᠬᠦᠯᠭᠡ ᠲᠠᠢ᠃

ᠰᠤᠨᠤᠰᠤᠭᠴᠢ ᠶᠢᠨ ᠤᠲᠠᠰᠤ ᠶᠢ ᠲᠤᠰᠤᠨ᠎ᠠ

    ᠦᠪᠦᠷ ᠮᠤᠩᠭ᠋ᠤᠯ ᠤᠨ ᠮᠤᠩᠭ᠋ᠤᠯ ᠷᠠᠳᠢᠤ᠋ ᠶᠢᠨ ᠵᠠᠬᠢᠷᠤᠯ ᠡᠯᠪᠡᠷᠢᠯᠲᠦ᠄《ᠮᠡᠲᠡᠭᠡ ᠮᠡᠳᠡᠬᠡᠯᠡᠯ ᠰᠤᠷᠠᠭ ᠵᠠᠩᠬᠢ ᠶᠢᠨ ᠦᠢᠯᠡᠴᠢᠯᠡᠬᠡ᠂ ᠲᠦᠷᠦ ᠶᠢᠨ ᠪᠤᠲᠤᠯᠭ᠎ᠠ ᠬᠠᠦᠯᠢ ᠲᠦᠷᠢᠮ ᠤᠨ ᠦᠢᠯᠡᠴᠢᠯᠡᠬᠡ᠂ ᠠᠮᠢᠳᠤᠷᠠᠯ ᠦᠢᠯᠡᠳᠪᠦᠷᠢᠯᠡᠯ ᠤᠨ ᠮᠡᠳᠡᠯᠬᠡ ᠮᠡᠷᠭᠡᠵᠢᠯ ᠤᠯᠠᠮᠵᠢᠯᠠᠬᠤ᠂ ᠡᠷᠡᠬᠦᠯ ᠮᠡᠨᠲᠦ ᠶᠢᠨ ᠦᠢᠯᠡᠴᠢᠯᠡᠭᠡ᠂ ᠵᠤᠭ᠎ᠠ ᠴᠡᠩᠭᠡᠬᠦᠨ ᠤᠳᠬ᠎ᠠ ᠤᠷᠠᠯᠢᠭ ᠤᠨ ᠦᠢᠯᠡᠴᠢᠯᠡᠭᠡ ᠵᠡᠷᠭᠡ ᠲᠠᠪᠤᠨ ᠲᠠᠯ᠎ᠠ ᠶᠢ ᠪᠠᠷᠢᠵᠤ᠂ ᠮᠤᠩᠭ᠋ᠤᠯ ᠰᠤᠨᠤᠰᠤᠭᠴᠢᠳ ᠲᠠᠭᠠᠨ ᠴᠢᠨᠠᠷ ᠰᠠᠢᠢᠲᠠᠢ᠂ ᠦᠢᠯᠡᠴᠢᠯᠡᠭᠡ ᠰᠠᠢᠢᠲᠠᠢ ᠨᠡᠪᠲᠡᠷᠡᠬᠦᠯᠭᠡ ᠬᠦᠷᠭᠡᠬᠦ ᠪᠡᠷ ᠴᠢᠷᠮᠠᠢᠢᠨ ᠠᠵᠢᠯᠯᠠᠨ᠎ᠠ᠃ ᠤᠢᠢᠷ᠎ᠠ ᠶᠢᠨ ᠬᠡᠲᠦᠨ ᠵᠢᠯ ᠡᠴᠡ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠠᠭᠤᠰᠤᠯᠴᠠᠨ ᠬᠦᠭ᠍ᠵ᠍᠍ᠢᠵᠦ ᠪᠠᠢᠢᠭ᠎ᠠ ᠡᠨᠡ ᠡᠷᠢᠨ ᠳ᠋ᠤ ᠷᠠᠳᠢᠤ᠋ ᠶᠢᠨ ᠨᠡᠪᠲᠡᠷᠡᠬᠦᠯᠬᠦ ᠠᠭᠤᠯᠭ᠎ᠠ ᠬᠡᠯᠪᠡᠷᠢ᠂ ᠲᠠᠮᠵᠢᠭᠤᠯᠬᠤ ᠠᠷᠭ᠎ᠠ ᠪᠡᠨ ᠲᠠᠰᠤᠷᠠᠯᠲᠠ ᠦᠭᠡᠢ ᠰᠢᠨᠡᠳᠭᠡᠵᠦ᠂ ᠰᠢᠨ᠎ᠡ ᠵᠠᠭᠤᠴᠢᠯᠠᠭᠤᠷ ᠤᠨ ᠬᠦᠭ᠍ᠵᠢᠯᠲᠠ ᠶᠢᠨ ᠵᠢᠮ᠎ᠡ ᠶᠤᠰᠤ ᠶᠢᠨ ᠲᠠᠭᠠᠤ ᠠᠵᠢᠯᠯᠠᠵᠤ᠂ ᠵᠠᠭᠤᠴᠢᠯᠠᠭᠤᠷ ᠤᠨ ᠠᠭᠤᠰᠤᠯᠴᠠᠭ᠎ᠠ ᠪᠤᠶᠤ ᠬᠠᠮᠲᠤᠷᠠᠨ ᠬᠦᠭ᠍ᠵᠢᠬᠦ ᠲᠠᠯ᠎ᠠ ᠳ᠋ᠤ ᠠᠩᠬᠠᠷᠤᠯ ᠲᠠᠯᠪᠢᠵᠤ ᠠᠵᠢᠯᠯᠠᠬᠤ ᠪᠤᠯᠤᠨ᠎ᠠᠭᠡᠵᠡᠢ᠃

ᠦᠪᠦᠷ ᠮᠤᠩᠭ᠋ᠤᠯ ᠤᠨ ᠨᠡᠪᠲᠡᠷᠡᠭᠦᠯᠦᠭᠴᠢ ᠶᠢᠨ ᠵᠢᠯᠤᠭᠤᠲᠤᠭᠴᠢ ᠪᠠᠭᠰᠢ ᠪᠠᠶᠠᠷᠲᠤ

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119090474