蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠰᠢᠯᠢ ᠶᠢᠨ ᠬᠤᠲᠠ ᠢᠢᠨ ᠬᠤᠭᠤᠷᠤᠨᠲᠤ ᠠᠶᠠᠨᠴᠢᠳ ᠤᠨ ᠭᠠᠯᠲᠤ ᠲᠡᠷᠭᠡ ᠨᠡᠮᠡᠨ ᠲᠤᠬᠢᠷᠠᠭᠤᠯᠬᠤ ᠪᠡᠷ ᠪᠤᠢ

2016-06-28 10:18

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 6 ᠰᠠᠷ᠎ᠠ ᠶᠢᠨ 28 ᠤ ᠡᠲᠦᠷ ᠤᠨ ᠴᠠᠬᠢᠯᠭᠠᠨ ᠮᠡᠲᠡᠭᠡ ( ᠬ·ᠦᠵᠡᠰᠭᠦᠯᠡᠩ) ᠵᠢᠢ ᠲᠦᠩ ᠲᠡᠮᠦᠷ ᠵᠠᠮ ᠤᠨ ᠪᠦᠯᠦᠭᠯᠡᠯ ᠡᠴᠡ ᠤᠢᠢᠯᠠᠭᠠᠭᠰᠠᠨ ᠶᠢᠡᠷ᠂ 7 ᠰᠠᠷ᠎ᠠ ᠶᠢᠨ 6 ᠤ ᠡᠲᠦᠷ ᠡᠴᠡ ᠡᠬᠢᠯᠡᠨ᠂ ᠰᠢᠯᠢ ᠶᠢᠨ ᠬᠤᠲᠠ-ᠬᠦᠬᠡᠬᠤᠲᠠ ᠶᠢᠨ ᠬᠤᠭᠤᠷᠤᠨᠲᠤK7922/19ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠶᠢ ᠨᠡᠮᠡᠨ ᠲᠤᠬᠢᠷᠠᠭᠤᠯᠬᠤ ᠪᠡᠷ ᠪᠠᠢᠢᠨ᠎ᠠ᠃ ᠭᠠᠷᠤᠭᠠᠨ ᠤ ᠦᠷᠲᠡᠭᠡ ᠰᠢᠯᠢ ᠶᠢᠨ ᠬᠤᠲᠠ ᠡᠴᠡ 7᠄ 30 ᠴᠠᠭ ᠡᠴᠡ ᠬᠦᠲᠡᠯᠵᠦ᠂ 15᠄ 30 ᠴᠠᠭ ᠲᠤ ᠡᠴᠦᠰ ᠤᠨ ᠦᠷᠲᠡᠭᠡ ᠬᠦᠬᠡᠬᠤᠲᠠ ᠳ᠋ᠤ ᠬᠦᠷᠦᠨ᠎ᠡ᠃K7920/21 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠭᠠᠷᠤᠭᠠᠨ ᠤ ᠦᠷᠲᠡᠭᠡ ᠬᠦᠬᠡᠬᠤᠲᠠ ᠡᠴᠡ 13᠄ 53 ᠴᠠᠭ ᠲᠤ ᠬᠦᠲᠡᠯᠵᠦ᠂ ᠡᠴᠦᠰ ᠤᠨ ᠦᠷᠲᠡᠭᠡ ᠰᠢᠯᠢ ᠶᠢᠨ ᠬᠤᠲᠠ ᠳ᠋ᠤ 21᠄ 34 ᠴᠠᠭ ᠲᠤ ᠬᠦᠷᠦᠨ᠎ᠡ᠃ ᠵᠠᠮ ᠲᠠᠭᠠᠤ ᠵᠢᠨᠢᠩ ᠤᠨ ᠡᠮᠦᠨ᠎ᠡ ᠦᠷᠲᠡᠭᠡ᠂ ᠰᠢᠯᠤᠭᠤᠨ ᠬᠦᠪᠡᠭᠡᠲᠦ ᠴᠠᠭᠠᠨ ᠬᠤᠰᠢᠭᠤ ᠦᠷᠲᠡᠭᠡ᠂ ᠰᠠᠩ ᠤᠨ ᠲᠠᠯᠠᠢ ᠦᠷᠲᠡᠭᠡᠨ ᠳ᠋ᠤ ᠵᠤᠭᠰᠤᠨ᠎ᠠ᠃ 

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119124916