蒙古文网站Logo
ᠰᠢᠨᠬᠤᠸᠠ ᠮᠤᠩᠭ᠋ᠤᠯ ᠨᠧᠲ

17 ᠤ ᠡᠲᠦᠷ ᠪᠤᠯᠲᠠᠯ᠎ᠠ ᠦᠪᠦᠷ ᠮᠤᠩᠭ᠋ᠤᠯ ᠤᠨ ᠶᠡᠬᠡᠩᠬᠢ ᠨᠤᠲᠤᠭ ᠶᠢᠡᠷ ᠪᠤᠷᠤᠭᠠᠨ ᠬᠤᠷ᠎ᠠ ᠲᠠᠢ ᠴᠠᠭ ᠠᠭᠠᠷ ᠦᠷᠭᠦᠯᠵᠢᠯᠡᠨ᠎ᠡ

2016-07-12 12:01

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 7 ᠰᠠᠷ᠎ᠠ ᠶᠢᠨ 12 ᠤ ᠡᠲᠦᠷ ᠤᠨ ᠴᠠᠬᠢᠯᠭᠠᠨ ᠮᠡᠲᠡᠭᠡ ( ᠬ·ᠦᠵᠡᠰᠭᠦᠯᠡᠩ ) ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶᠠᠨ ᠡᠴᠡ ᠤᠢᠢᠯᠠᠭᠠᠭᠰᠠᠨ ᠶᠢᠡᠷ 7 ᠰᠠᠷ᠎ᠠ ᠶᠢᠨ 13 ᠤ ᠡᠲᠦᠷ ᠡᠴᠡ 17 ᠤ ᠡᠲᠦᠷ ᠪᠤᠯᠲᠠᠯ᠎ᠠ᠂ ᠦᠪᠦᠷ ᠮᠤᠩᠭ᠋ᠤᠯ ᠤᠨ ᠶᠡᠬᠡᠩᠬᠢ ᠨᠤᠲᠤᠭ ᠶᠢᠡᠷ ᠪᠤᠷᠤᠭᠠᠨ ᠬᠤᠷ᠎ᠠ ᠲᠠᠢ ᠴᠠᠭ ᠠᠭᠠᠷ ᠢᠯᠡᠷᠡᠬᠦ ᠪᠤᠯᠤᠨ᠎ᠠ᠃

    ᠦᠪᠦᠷ ᠮᠤᠩᠭ᠋ᠤᠯ ᠤᠨ ᠴᠠᠭ ᠠᠭᠤᠷ ᠤᠨ ᠬᠤᠷᠢᠶᠠᠨ ᠤ ᠤᠷᠢᠳᠴᠢᠯᠠᠭᠰᠠᠨ ᠲᠤᠭᠠᠴᠠᠭᠠᠯᠠᠭᠰᠠᠨ ᠶᠢᠡᠷ 7 ᠰᠠᠷ᠎ᠠ ᠶᠢᠨ 12 ᠤᠨ ᠡᠲᠦᠷ ᠤᠨ 20᠄ 00 ᠴᠠᠭ ᠡᠴᠡ 13 ᠤ ᠡᠲᠦᠷ ᠤᠨ 20᠄ 00 ᠴᠠᠭ ᠪᠤᠯᠲᠠᠯ᠎ᠠ ᠪᠠᠷᠠᠭᠤᠨ ᠡᠮᠦᠨ᠎ᠡ ᠬᠡᠰᠡᠭ ᠪᠠ ᠵᠡᠬᠦᠨ ᠬᠡᠰᠡᠭ ᠶᠢᠡᠷ ᠡᠭᠦᠯᠡ ᠲᠠᠢ᠂ ᠪᠠᠭ᠎᠎ᠠ ᠪᠤᠷᠤᠭᠠᠨ ᠤᠷᠤᠬᠤ ᠪᠤᠶᠤ ᠲᠠᠭᠤ ᠲᠠᠢ ᠵᠢᠷᠪᠢᠰᠬᠡᠨ ᠪᠤᠷᠤᠭ᠎ᠠ ᠤᠷᠤᠨ᠎ᠠ᠃ ᠤᠯᠠᠭᠠᠨᠬᠠᠲᠠ ᠶᠢᠨ ᠡᠮᠦᠨ᠎ᠡ ᠬᠡᠰᠡᠭ ᠲᠤ ᠲᠤᠮᠲᠠ ᠵᠡᠷᠭᠡ  ᠶᠢᠨ ᠪᠤᠷᠤᠭᠠᠨ ᠲᠠᠢ᠂ ᠲᠦᠷ ᠠᠶᠤᠩ᠋ᠭ᠎ᠠ ᠴᠠᠬᠢᠯᠵᠤ ᠰᠠᠯᠬᠢᠯᠠᠬᠤ᠂ ᠮᠦᠨᠲᠦᠷ ᠪᠠᠭᠤᠬᠤ ᠵᠡᠷᠭᠡ ᠰᠤᠯᠢᠭ ᠤᠷᠤᠰᠬᠠᠯᠲᠤ ᠴᠠᠭ ᠠᠭᠠᠷ ᠢᠯᠡᠷᠡᠨ᠎ᠡ᠃ ᠪᠤᠰᠤᠳ ᠭᠠᠵᠠᠷ ᠲᠤ ᠡᠭᠦᠯᠡᠰᠢᠨ᠎ᠡ᠂ ᠠᠯᠠᠱᠠ᠂ ᠦᠬᠠᠢ᠂ ᠪᠠᠶᠠᠨᠨᠠᠭᠤᠷ᠂ ᠤᠷᠲᠤᠰ ᠲᠤ ᠪᠠᠷᠠᠭᠤᠨ ᠬᠤᠢᠢᠨ᠎ᠠ ᠡᠴᠡ 34 ᠲᠡᠰ ᠤᠨ ᠰᠠᠯᠬᠢ ᠲᠠᠢ᠂ ᠤᠯᠠᠭᠠᠨᠬᠲᠠ᠂ ᠲᠦᠩᠭ᠍ᠯᠢᠶᠤᠤ᠂ ᠬᠢᠩᠭ᠋ᠠᠨ᠂ ᠬᠦᠯᠦᠨ ᠪᠤᠢᠢᠷ ᠲᠤ ᠬᠤᠢᠢᠨ᠎ᠠ ᠡᠴᠡ 34 ᠲᠠᠰ ᠤᠨ ᠰᠠᠯᠬᠢ ᠲᠠᠢ᠂ ᠰᠢᠯᠢ ᠶᠢᠨ ᠭᠤᠤᠯ ᠳ᠋ᠤ ᠵᠡᠬᠦᠨ ᠡᠴᠡ 34 ᠲᠡᠰ ᠤᠨ ᠰᠠᠯᠬᠢ ᠲᠠᠢ᠂ ᠪᠤᠰᠤᠳ ᠭᠠᠵᠠᠷ ᠬᠤᠢᠢᠨ᠎ᠠ ᠡᠴᠡ 34 ᠳᠡᠰ  ᠶᠢᠡᠷ ᠰᠠᠯᠬᠢᠯᠠᠵᠤ ᠪᠠᠢᠢᠭᠰᠠᠨ ᠶᠢᠡᠨ ᠡᠮᠦᠨ᠎ᠡ ᠡᠴᠡ ᠰᠠᠯᠬᠢᠯᠠᠨ᠎ᠠ᠃

    7 ᠰᠠᠷ᠎ᠠ ᠶᠢᠨ 13 ᠤ ᠡᠲᠦᠷ ᠤᠨ 20᠄ 00 ᠴᠠᠭ ᠡᠴᠡ 14 ᠤ ᠡᠲᠦᠷ ᠤᠨ 20᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠪᠠᠷᠠᠭᠤᠨ ᠬᠡᠰᠡᠭ ᠪᠠ ᠲᠤᠮᠲᠠ ᠬᠡᠰᠡᠭ ᠶᠢᠡᠷ ᠡᠭᠦᠯᠡᠰᠢᠵᠤ ᠪᠠᠭ᠎ᠠ ᠪᠤᠷᠤᠭᠠᠨ ᠪᠤᠶᠤ ᠲᠠᠭᠤ ᠲᠠᠢ ᠵᠢᠷᠪᠢᠰᠬᠡᠨ ᠪᠤᠷᠤᠭᠠᠨ ᠤᠷᠤᠨ᠎ᠠ᠂ ᠪᠠᠶᠠᠨᠨᠠᠭᠤᠷ ᠤᠨ ᠵᠡᠬᠦᠨ ᠬᠤᠢᠢᠲᠤ ᠬᠡᠰᠡᠭ᠂ ᠪᠤᠭᠤᠲᠤ ᠶᠢᠨ ᠬᠤᠢᠢᠲᠤ ᠬᠡᠰᠡᠭ᠂ ᠬᠦᠬᠡᠬᠤᠲᠠ ᠶᠢᠨ ᠵᠡᠬᠦᠨ ᠬᠡᠰᠡᠭ᠂ ᠤᠯᠠᠭᠠᠨᠴᠠᠪ᠂ ᠰᠢᠯᠢ ᠶᠢᠨ ᠭᠤᠤᠯ ᠤᠨ ᠪᠠᠷᠠᠭᠤᠨ ᠬᠡᠰᠡᠭ ᠲᠤ ᠲᠤᠮᠲᠠ ᠵᠡᠷᠭᠡ ᠶᠢᠨ ᠪᠤᠷᠤᠭᠠᠨ ᠤᠷᠤᠵᠤ᠂ ᠲᠦᠷ ᠠᠶᠤᠩ᠋ᠭ᠎ᠠ ᠴᠠᠬᠢᠯᠵᠤ ᠰᠠᠯᠬᠢᠯᠠᠬᠤ᠂ ᠮᠦᠨᠲᠦᠷ ᠪᠠᠭᠤᠬᠤ ᠵᠡᠷᠭᠡ ᠰᠤᠯᠢᠭ ᠤᠷᠤᠰᠬᠠᠯᠲᠤ ᠴᠠᠭ ᠠᠭᠠᠷ ᠢᠯᠡᠷᠡᠨ᠎ᠡ᠃ ᠪᠤᠰᠤᠳ ᠭᠠᠵᠠᠷ ᠲᠤ ᠡᠭᠦᠯᠡᠰᠢᠨ᠎ᠡ᠂ ᠠᠯᠠᠱᠠ᠂ ᠦᠬᠠᠢ᠂ ᠪᠠᠶᠠᠨᠨᠠᠭᠤᠷ᠂ ᠤᠷᠲᠤᠰ ᠲᠤ ᠪᠠᠷᠠᠭᠤᠨ ᠬᠤᠢᠢᠨ᠎ᠠ ᠡᠴᠡ 34 ᠲᠡᠰ ᠤᠨ ᠰᠠᠯᠬᠢ ᠲᠠᠢ᠂ ᠬᠢᠩᠭ᠋ᠠᠨ᠂ ᠬᠦᠯᠦᠨ ᠪᠤᠢᠢᠷ ᠲᠤ ᠬᠤᠢᠢᠨ᠎ᠠ ᠡᠴᠡ 34 ᠲᠠᠰ ᠶᠢᠡᠷ ᠰᠠᠯᠬᠢᠯᠠᠵᠤ ᠪᠠᠢᠢᠭᠰᠠᠨ ᠶᠢᠡᠨ ᠪᠠᠷᠠᠭᠤᠨ ᠡᠮᠦᠨ᠎ᠡ ᠡᠴᠡ ᠰᠠᠯᠬᠢᠯᠠᠨ᠎ᠠ᠂ ᠪᠤᠰᠤᠳ ᠭᠠᠵᠠᠷ ᠲᠤ ᠬᠤᠢᠢᠨ᠎ᠠ ᠡᠴᠡ 34 ᠲᠡᠰ ᠶᠢᠡᠷ ᠰᠠᠯᠬᠢᠯᠠᠵᠤ ᠪᠠᠢᠢᠭᠰᠠᠨ ᠶᠢᠡᠨ ᠡᠮᠦᠨ᠎ᠡ ᠡᠴᠡ ᠰᠠᠯᠬᠢᠯᠠᠨ᠎ᠠ᠃

    ᠤᠢᠢᠷ᠎ᠠ ᠶᠢᠨ ᠬᠤᠭᠤᠴᠠᠭᠠᠨ ᠳ᠋ᠤ ᠦᠪᠦᠷ ᠮᠤᠩᠭ᠋ᠤᠯ ᠤᠨ ᠶᠡᠬᠡᠩᠬᠢ ᠨᠤᠲᠤᠭ ᠶᠢᠡᠷ ᠪᠤᠷᠤᠭᠠᠨ ᠬᠤᠷ᠎ᠠ ᠲᠠᠢ ᠴᠠᠭ ᠠᠭᠠᠷ ᠢᠯᠡᠷᠡᠬᠦ ᠪᠤᠯᠬᠤᠷ ᠭᠠᠩ ᠤᠨ ᠪᠠᠢᠢᠲᠠᠯ ᠢ ᠨᠠᠮᠲᠠᠭᠠᠬᠤ ᠪᠤᠯᠤᠨ᠎ᠠ᠂ ᠭᠡᠪᠡᠴᠦ ᠰᠤᠯᠢᠭ ᠤᠷᠤᠰᠬᠠᠯᠲᠤ ᠴᠠᠭ ᠠᠭᠠᠷ ᠡᠴᠡ ᠪᠤᠯᠤᠭᠰᠠᠨ ᠴᠠᠭ ᠠᠭᠤᠷ ᠤᠨ ᠭᠠᠮᠰᠢᠭ ᠢ ᠴᠤ ᠰᠡᠷᠭᠡᠢᠢᠯᠡᠬᠦ ᠴᠢᠬᠤᠯᠠᠲᠠᠢ ᠭᠡᠵᠦ ᠴᠠᠭ ᠠᠭᠤᠷ ᠤᠨ ᠰᠠᠯᠠᠭ᠎ᠠ ᠮᠦᠴᠢᠷ ᠤᠨ ᠬᠢᠨ ᠲᠠ ᠪᠦᠬᠦᠨ ᠳ᠋ᠤ ᠰᠠᠨᠠᠭᠤᠯᠵᠤ ᠪᠠᠢᠢᠨ᠎ᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119204712