蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠦᠨᠦ ᠮᠠᠷᠭᠠᠰᠢ ᠠᠭᠠᠲᠠᠷ ᠪᠤᠷᠤᠭᠠᠨ ᠤᠷᠤᠨ᠎ᠠ

2016-07-26 11:33

    ᠰᠢᠨᠬᠤᠸᠠ ᠮᠤᠩᠭ᠋ᠤᠯ ᠨᠧᠲ  ᠬᠦᠬᠡᠬᠤᠲᠠ ᠶᠢᠨ 7 ᠰᠠᠷ᠎ᠠ ᠶᠢᠨ 25 ᠤ ᠡᠲᠦᠷ ᠤᠨ ᠴᠠᠬᠢᠯᠭᠠᠨ ᠮᠡᠲᠡᠭᠡ (ᠬ·ᠦᠵᠡᠰᠭᠦᠯᠡᠩ) ᠢᠷᠡᠬᠦ ᠭᠤᠷᠪᠠᠨ ᠬᠤᠨᠤᠭ ᠦᠪᠦᠷ ᠮᠤᠩᠭ᠋ᠤᠯ  ᠳᠤ ᠪᠠᠷᠠᠭᠤᠨ ᠡᠴᠡ ᠵᠡᠬᠦᠨᠰᠢ ᠪᠠᠰᠠ ᠨᠢᠭᠡ ᠤᠲᠠᠭᠠᠨ ᠤ ᠪᠤᠷᠤᠭᠠᠨ ᠬᠤᠷ᠎ᠠ ᠲᠠᠢ ᠴᠠᠭ ᠠᠭᠠᠷ ᠢᠯᠡᠷᠡᠵᠦ᠂ ᠡᠮᠦᠨ᠎ᠡ ᠬᠡᠰᠡᠭ ᠶᠢᠡᠷ ᠠᠭᠠᠲᠠᠷ ᠪᠤᠷᠤᠭᠠᠨ ᠤᠷᠤᠨ᠎ᠠ᠃ ᠦᠶᠡᠷ ᠤᠰᠤᠨ ᠤ ᠭᠠᠮᠰᠢᠭ ᠢᠯᠡᠷᠡᠬᠦ ᠪᠤᠯᠤᠯᠴᠠᠭ᠎ᠠ ᠶᠢ ᠦᠨᠳᠤᠰᠤᠯᠡᠵᠤ ᠦᠪᠦᠷ ᠮᠤᠩᠭ᠋ᠤᠯ ᠤᠨ ᠴᠠᠭ ᠠᠭᠤᠷ ᠤᠨ ᠲᠤᠪᠴᠢᠶ᠎ᠠ 7 ᠰᠠᠷ᠎ᠠ ᠶᠢᠨ 24 ᠤ ᠡᠲᠦᠷ ᠤᠨ 11᠄ 00 ᠴᠠᠭ ᠲᠤ ᠴᠠᠭ ᠠᠭᠠᠷ ᠤᠨ ᠭᠠᠮᠰᠢᠭ ᠤᠨᠲᠡᠰ ᠤᠨ ᠪᠠᠴᠢᠮ ᠵᠠᠷᠯᠢᠭ ᠨᠡᠢᠢᠲᠡᠯᠡᠪᠡ᠃ ᠦᠶᠡᠷ ᠤᠰᠤᠨ ᠤ ᠭᠠᠮᠰᠢᠭ ᠡᠴᠡ ᠰᠡᠷᠭᠡᠢᠢᠯᠡᠬᠦ ᠠᠵᠢᠯ ᠢ ᠰᠠᠢᠢᠲᠦᠷ ᠬᠢᠵᠦ᠂ ᠤᠨᠴᠠᠭᠠᠢᠢᠯᠠᠨ ᠯᠢᠶᠤᠤ ᠾᠧ ᠭᠤᠤᠯ ᠤᠨ ᠰᠠᠪᠠ ᠭᠠᠵᠠᠷ ᠲᠤ ᠲᠤᠨᠤᠲᠠᠰᠤᠨ ᠤ ᠬᠡᠮᠵᠢᠶ᠎ᠠ ᠶᠡᠬᠡ ᠪᠤᠯᠬᠤᠷ ᠦᠶᠡᠷ ᠤᠰᠤᠨ ᠤ ᠭᠠᠮᠰᠢᠭ ᠡᠴᠡ ᠰᠡᠷᠭᠡᠢᠢᠯᠡᠬᠦ ᠶᠢ ᠤᠨᠴᠠᠭᠠᠢᠢᠯᠠᠨ ᠰᠠᠨᠠᠭᠤᠯᠵᠤ ᠪᠠᠢᠢᠨ᠎ᠠ᠃

    ᠦᠪᠦᠷ ᠮᠤᠩᠭ᠋ᠤᠯ ᠤᠨ ᠴᠠᠭ ᠠᠭᠤᠷ ᠤᠨ ᠬᠤᠷᠢᠶᠠᠨ ᠤ ᠤᠷᠢᠳᠴᠢᠯᠠᠨ ᠲᠤᠭᠠᠴᠠᠭᠠᠯᠠᠭᠰᠠᠨ ᠶᠢᠡᠷ 7 ᠰᠠᠷ᠎ᠠ ᠶᠢᠨ 24 ᠤ ᠡᠲᠦᠷ ᠤᠨ 08᠄ 00 ᠴᠠᠭ ᠡᠴᠡ 26 ᠤ ᠡᠲᠦᠷ ᠤᠨ 08᠄ 00 ᠴᠠᠭ ᠪᠤᠯᠲᠠᠯ᠎ᠠ᠂ ᠠᠯᠠᠱᠠ ᠶᠢᠨ ᠵᠡᠬᠦᠨ ᠬᠡᠰᠡᠭ᠂ ᠦᠬᠠᠢ᠂ ᠪᠠᠶᠠᠨᠨᠠᠭᠤᠷ ᠤᠨ ᠡᠮᠦᠨ᠎ᠡ ᠬᠡᠰᠡᠭ᠂ ᠤᠷᠲᠤᠰ᠂ ᠪᠤᠭᠤᠲᠤ ᠶᠢᠨ ᠶᠡᠬᠡᠩᠬᠢ ᠬᠡᠰᠡᠭ᠂ ᠬᠦᠬᠡᠬᠤᠲᠠ᠂ ᠤᠯᠠᠭᠠᠨᠴᠠᠪ᠂ ᠰᠢᠯᠢ ᠶᠢᠨ ᠭᠤᠤᠯ ᠤᠨ ᠡᠮᠦᠨ᠎ᠡ ᠬᠡᠰᠡᠭ᠂ ᠤᠯᠠᠭᠠᠨᠬᠠᠲᠠ ᠶᠢᠨ ᠡᠮᠦᠨ᠎ᠡ ᠬᠡᠰᠡᠭ᠂ ᠲᠦᠩᠯᠢᠶᠤᠤ ᠶᠢᠨ ᠲᠤᠮᠲᠠ ᠡᠮᠦᠨ᠎ᠡ ᠬᠡᠰᠡᠭ ᠶᠢᠡᠷ ᠪᠤᠷᠤᠭᠠᠨ ᠬᠤᠷ᠎ᠠ ᠲᠠᠢ ᠴᠠᠭ ᠠᠭᠠᠷ ᠦᠷᠭᠦᠯᠵᠢᠯᠡᠨ᠎ᠡ᠂ ᠡᠭᠦᠨ ᠳ᠋ᠤ ᠤᠷᠲᠤᠰ ᠤᠨ ᠵᠡᠬᠦᠨ ᠬᠤᠢᠢᠲᠤ ᠬᠡᠰᠡᠭ᠂ ᠬᠦᠬᠡᠬᠤᠲᠠ ᠶᠢᠨ ᠪᠠᠷᠠᠭᠤᠨ ᠡᠮᠦᠨ᠎ᠡ ᠬᠡᠰᠡᠭ᠂ ᠤᠯᠠᠭᠠᠨᠬᠠᠲᠠ ᠶᠢᠨ ᠪᠠᠷᠠᠭᠤᠨ ᠡᠮᠦᠨ᠎ᠡ ᠬᠡᠰᠡᠭ ᠲᠤ ᠶᠡᠬᠡ ᠪᠤᠷᠤᠭᠠᠨ ᠪᠤᠶᠤ ᠠᠭᠠᠲᠠᠷ ᠪᠤᠷᠤᠭᠠᠨ ᠤᠷᠤᠨ᠎ᠠ᠃ ᠲᠦᠷ ᠠᠶᠤᠩᠭ᠋᠌ᠠᠲᠤ ᠪᠤᠷᠤᠭᠠᠨ ᠤᠷᠤᠬᠤ᠂ ᠰᠠᠯᠬᠢ ᠲᠡᠭᠲᠡᠬᠦ᠂ ᠮᠦᠨᠳᠦᠷ ᠤᠷᠤᠬᠤ ᠵᠡᠷᠭᠡ ᠰᠤᠯᠢᠭ ᠤᠷᠤᠰᠬᠠᠯᠲᠤ ᠴᠠᠭ ᠠᠭᠠᠷ ᠢᠯᠡᠷᠡᠨ᠎ᠡ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119282101