蒙古文网站Logo
ᠰᠢᠨᠬᠤᠸᠠ ᠮᠤᠩᠭ᠋ᠤᠯ ᠨᠧᠲ

《ᠪᠦᠪᠡᠢ ᠳᠡᠯᠡᠬᠡᠢ 2016 ᠮᠣᠩᠭᠣᠯ ᠲᠤᠯᠭᠠᠲᠠᠨ ᠤ ᠢᠷᠠᠭᠤ ᠨᠠᠶᠢᠷᠠᠭ ᠤᠨ ᠨᠠᠭᠠᠳᠤᠮ》 ᠤᠨ ᠡᠵᠡᠳ ᠳᠤᠳᠤᠷᠠᠯ᠎ᠠ

2016-07-26 11:45

    ᠰᠢᠨᠬᠤᠸᠠ ᠮᠣᠩᠭᠣᠯ ᠨᠧᠲ   ᠬᠦᠬᠡᠬᠤᠲᠠ ᠶᠢᠨ 7 ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ (ᠬ·ᠦᠵᠡᠰᠬᠦᠯᠡᠩ   ᠳᠠᠳᠤᠯᠭ᠎ᠠ ᠶᠢᠨ ᠰᠤᠷᠤᠭᠴᠢ ᠬᠡᠤᠬᠡᠨᠰᠤᠯᠢ)《ᠪᠦᠪᠡᠢ ᠳᠡᠯᠡᠬᠡᠢ 2016 ᠮᠣᠩᠭᠣᠯ ᠲᠤᠯᠭᠠᠲᠠᠨ ᠤ ᠢᠷᠠᠭᠤ ᠨᠠᠶᠢᠷᠠᠭ ᠤᠨ ᠨᠠᠭᠠᠳᠤᠮ》 ᠤᠨ ᠰᠢᠢᠳᠪᠦᠷᠢᠲᠦ ᠲᠡᠮᠡᠴᠡᠭᠡᠨ᠂ 23 ᠤ ᠡᠳᠦᠷ ᠦᠪᠦᠷ ᠮᠣᠩᠭᠣᠯ ᠤᠨ ᠤᠷᠠᠯᠢᠭ ᠤᠨ ᠳᠡᠬᠡᠳᠦ ᠰᠤᠷᠭᠠᠭᠤᠯᠢ ᠳᠤ ᠢᠳᠡ ᠬᠦᠴᠦᠲᠠᠢ ᠶᠠᠪᠤᠭᠳᠠᠯ᠎ᠠ᠃ ᠬᠦᠯᠦᠨ ᠪᠤᠶᠢᠷ ᠬᠤᠲᠠ ᠶᠢᠨ ᠰᠢᠨ᠎ᠠ ᠪᠠᠷᠭᠤ ᠵᠠᠭᠦᠨ ᠬᠤᠰᠢᠭᠤ ᠪᠡᠷ ᠨᠤᠲᠤᠭ ᠲᠠᠢ ᠢᠷᠠᠭᠤ ᠨᠠᠶᠢᠷᠠᠭᠴᠢ ᠰ᠂ ᠦᠯᠵᠡᠶᠢᠵᠢᠷᠭᠠᠯ《 ᠡᠭᠦᠰᠦᠯ ᠶᠡᠭᠡ ᠡᠷᠭᠦᠨ᠎ᠡ》ᠬᠡᠮᠡᠬᠦ ᠪᠦᠲᠦᠭᠡᠯ ᠢᠶᠡᠷ ᠢᠶᠡᠨ ᠲᠤᠮᠤᠴᠤᠤᠯ ᠤᠨ ᠪᠠᠭ ᠤᠨ ᠳᠡᠷᠢᠬᠦᠨ ᠪᠠᠶᠢᠷᠢᠨ ᠳᠤ᠂ ᠰᠢᠯᠢ ᠶᠢᠨ ᠭᠤᠤᠯ ᠠᠶᠢᠮᠠᠬ ᠤᠨ ᠰᠢᠯᠤᠭᠤᠨ ᠬᠦᠬᠡ ᠬᠤᠰᠢᠭᠤ ᠪᠡᠷ ᠨᠤᠲᠤᠭ ᠲᠠᠢ ᠪᠦᠵᠢᠳᠮ᠎ᠠ ᠢᠷᠠᠭᠤ ᠨᠠᠶᠢᠷᠠᠭᠴᠢ ᠫᠤ‍‍᠂ ᠦᠯᠵᠡᠶᠢᠨᠠᠷᠠᠨ ᠤ 《ᠨᠠᠮᠠᠢᠢ ᠪᠦᠦ ᠵᠠᠩᠨᠠᠭᠠᠳ ᠪᠠᠢ》 ᠭᠡᠬᠦ ᠪᠦᠲᠦᠭᠡᠯ ᠢᠶᠡᠷ ᠪᠠᠭᠠᠴᠤᠤᠯ ᠤᠨ ᠪᠠᠭ ᠤᠨ ᠳᠡᠷᠢᠬᠦᠨ ᠪᠠᠶᠢᠷᠢᠨ ᠳᠤ ᠳᠤᠰ ᠳᠤᠰ ᠲᠤᠳᠤᠷᠠᠯ᠎ᠠ᠃

   ᠨᠠᠢ᠊ᠮᠠᠲᠡᠬᠢ ᠵᠢᠯ ᠳᠤ ᠪᠠᠨ ᠪᠤᠯᠵᠤ ᠪᠠᠶᠢᠭ᠎ᠠ ᠡᠨᠡᠬᠦ ᠢᠷᠠᠭᠤ ᠨᠠᠶᠢᠷᠠᠭ ᠤᠨ ᠨᠠᠭᠠᠳᠤᠮ ᠢ ᠳᠦᠪ ᠤᠨ ᠠᠷᠠᠳ ᠤᠨ ᠷᠠᠳᠢᠤ‍ ᠨᠡᠪᠳᠡᠷᠡᠬᠦᠯᠬᠡ ᠶᠢᠨ ᠬᠤᠷᠢᠶᠠᠨ ᠤ ᠮᠤᠩᠭ᠋ᠤᠯ ᠨᠡᠪᠳᠡᠷᠡᠬᠦᠯᠬᠡ ᠶᠢᠨ ᠬᠡᠯᠳᠡᠰ ᠡᠴᠡ ᠰᠠᠨᠠᠭᠠᠴᠢᠯᠠᠵᠤ᠂ ᠬᠦᠬᠡᠬᠤᠳᠠ ᠶᠢᠨ ᠠᠯᠳᠠᠨ ᠬᠦᠷᠳᠤ ᠰᠤᠶᠤᠯ ᠳᠡᠯᠬᠡᠷᠡᠬᠦᠯᠬᠦ ᠬᠢᠵᠠᠭᠠᠷᠳᠤ ᠺᠤᠮᠫᠠᠨᠢ ᠬᠦᠢᠴᠡᠳᠬᠡᠨ ᠵᠤᠬᠢᠶᠠᠨ ᠪᠠᠶᠢᠭᠤᠯᠪᠠ᠃ ᠡᠨᠡ ᠵᠢᠯ ᠤᠨ ᠨᠠᠭᠠᠳᠤᠮ ᠨᠢ ᠤᠷᠤᠨ ᠤ ᠬᠡᠪᠴᠢᠶᠡᠨ ᠡᠴᠡ ᠳᠠᠪᠠᠵᠤ᠂ ᠤᠷᠤᠯᠴᠠᠭᠴᠢ ᠨᠢ ᠳᠤᠳᠤᠭᠠᠳᠤ ᠳ᠋ᠠᠭᠠᠨ ᠨᠠᠶ᠋ᠮᠠᠨ ᠮᠤᠵᠢ ᠤᠷᠤᠨ ᠢ ᠬᠠᠮᠤᠷᠤᠨ᠂ ᠭᠠᠳᠠᠭᠠᠳᠤ ᠳᠤ ᠮᠤᠩᠭ᠋ᠤᠯ ᠤᠯᠤᠰ ᠪᠤᠯᠤᠨ ᠶᠠᠫᠤᠨ ᠳᠤ ᠠᠵᠢᠯᠯᠠᠵᠤ ᠠᠮᠢᠳᠤᠷᠠᠭ᠎ᠠ ᠮᠤᠩᠭ᠋ᠤᠯᠴᠤᠳ ᠢ ᠬᠠᠮᠤᠷᠤᠭᠰᠠᠨ ᠢᠶᠡᠷ ᠢᠶᠡᠨ ᠤᠨᠴᠠᠯᠠᠭᠳᠠᠭᠰᠠᠨ ᠶᠤᠮ᠃ ᠳᠡᠮᠡᠴᠡᠬᠡᠨ ᠨᠢ 3 ᠰᠠᠷ᠎ᠠ ᠶᠢᠨ 21 ᠤ ᠡᠳᠦᠷ ᠡᠴᠡ ᠡᠬᠢᠯᠡᠨ ᠲᠤᠮᠤᠴᠤᠤᠯ ᠤᠨ ᠪᠤᠯᠤᠨ ᠪᠠᠭᠠᠴᠤᠤᠯ ᠤᠨ ᠬᠡᠮᠡᠬᠦ ᠬᠤᠶᠠᠷ ᠪᠠᠭ ᠢᠶᠡᠷ ᠶᠠᠪᠤᠭᠳᠠᠵᠤ᠂ ᠲᠤᠮᠤᠴᠤᠤᠯ ᠤᠨ ᠪᠠᠭ ᠲᠤ ᠦᠷᠢᠰᠦᠯᠳᠦᠭᠰᠡᠨ 118 ᠢᠷᠠᠭᠤ ᠨᠠᠶᠢᠷᠠᠭᠴᠢ ᠡᠴᠡ 18 ᠨᠢ ᠰᠢᠢᠳᠪᠦᠷᠢᠲᠦ ᠲᠡᠮᠡᠴᠡᠭᠡᠨ ᠳᠤ ᠲᠤᠨᠵᠤ ᠦᠯᠡᠳᠡᠨ᠂ ᠪᠠᠭᠠᠴᠤᠤᠯ ᠤᠨ ᠪᠠᠭ ᠲᠤ ᠦᠷᠢᠰᠦᠯᠳᠦᠭᠰᠡᠨ 106 ᠤᠷᠠᠨ ᠤᠩᠰᠢᠭᠴᠢ ᠡᠴᠡ 19 ᠨᠢ ᠮᠦᠨ ᠰᠢᠢᠳᠪᠦᠷᠢᠲᠦ ᠲᠡᠮᠡᠴᠡᠭᠡᠨ ᠳᠤ ᠲᠤᠨᠵᠤ ᠦᠯᠡᠳᠡᠵᠡᠢ᠃

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119282283