蒙古文网站Logo
ᠰᠢᠨᠬᠤᠸᠠ ᠮᠤᠩᠭ᠋ᠤᠯ ᠨᠧᠲ

《ᠪᠠᠶᠠᠨᠴᠠᠭᠠᠨ》ᠬᠤᠨᠳᠠᠭᠠᠳᠤ ᠨᠠᠶ᠋ᠮᠠᠨ ᠮᠤᠵᠢ ᠤᠷᠤᠨ ᠤ ᠮᠤᠩᠭ᠋ᠤᠯ ᠤᠷᠳᠤ ᠶᠢᠨ ᠲᠠᠭᠤᠤ ᠶᠢᠨ ᠤᠷᠤᠯᠳᠤᠭᠠᠨ ᠤ ᠤᠷᠲᠤ ᠶᠢᠨ ᠳᠠᠭᠤᠤ ᠶᠢᠨ ᠪᠠᠬ ᠤᠨ ᠬᠠᠭᠠᠰ ᠰᠢᠢᠳᠪᠦᠷᠢᠳᠤ ᠤᠷᠤᠯᠳᠤᠭᠠᠨ ᠪᠤᠯᠵᠤ ᠦᠩᠬᠡᠷᠡᠯ᠎ᠡ

2016-08-04 16:31

    ᠰᠢᠨᠬᠤᠸᠠ ᠮᠤᠩᠭ᠋ᠤᠯ ᠨᠧᠲ  ᠤᠯᠠᠭᠠᠨᠬᠠᠳᠠ ᠶᠢᠨ 8 ᠰᠠᠷ᠎ᠠ ᠶᠢᠨ 4 ᠤ ᠡᠳᠤᠷ ᠤᠨ ᠴᠠᠬᠢᠯᠭᠠᠨ ᠮᠡᠳᠡᠬᠡ (ᠪᠠᠢ ᠯᠢᠩ ᠳ᠋ᠢ᠂ ᠬ·ᠦᠵᠡᠰᠬᠦᠯᠡᠩ) 《ᠪᠠᠶᠠᠨᠴᠠᠭᠠᠨ》ᠬᠤᠨᠳᠠᠭᠠᠳᠤ ᠨᠠᠶ᠋ᠮᠠᠨ ᠮᠤᠵᠢ ᠤᠷᠤᠨ ᠤ ᠮᠤᠩᠭ᠋ᠤᠯ ᠤᠷᠳᠤ ᠶᠢᠨ ᠲᠠᠭᠤᠤ ᠶᠢᠨ ᠤᠷᠤᠯᠳᠤᠭᠠᠨ ᠤ ᠤᠷᠲᠤ ᠶᠢᠨ ᠳᠠᠭᠤᠤ ᠶᠢᠨ ᠪᠠᠬ ᠤᠨ ᠬᠠᠭᠠᠰ ᠰᠢᠢᠳᠪᠦᠷᠢᠳᠤ ᠤᠷᠤᠯᠳᠤᠭᠠᠨ 8 ᠰᠠᠷ᠎ᠠ ᠶᠢᠨ 3 ᠤ ᠡᠳᠤᠷ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠳᠤ ᠪᠤᠯᠵᠤ ᠦᠩᠬᠡᠷᠡᠯ᠎ᠡ᠃

    ᠤᠷᠤᠯᠳᠤᠭᠠᠨ ᠤ ᠡᠴᠦᠰ ᠲᠤ ᠰᠢᠨᠵᠢᠶᠠᠩ  ᠤᠨ ᠪᠠᠶᠠᠨᠭᠤᠤᠯ ᠤᠨ ᠰᠤᠪᠤᠰᠤᠨ᠂ ᠰᠢᠯᠢ ᠶᠢᠨ ᠭᠤᠤᠯ ᠠᠶᠢᠮᠠᠭ ᠤᠨ ᠰᠡᠴᠡᠨᠪᠠᠭᠠᠳᠤᠷ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠴᠤᠪᠤᠭᠤᠯᠢᠭ᠂ ᠦᠪᠦᠷ ᠮᠤᠩᠭ᠋ᠤᠯ ᠤᠨ ᠲᠠᠭᠤᠤ ᠵᠦᠴᠦᠬᠡ ᠶᠢᠨ ᠬᠦᠷᠢᠶᠡᠯᠡᠩ ᠤᠨ ᠨᠠᠶᠢᠷᠠᠮᠳᠠᠯ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠵᠢᠷᠤᠮᠳᠤ᠂ ᠬᠦᠯᠦᠨ ᠪᠤᠶᠢᠷ ᠬᠤᠳᠠ ᠶᠢᠨ ᠰᠢᠨ᠎ᠡ ᠪᠠᠷᠭᠤ ᠵᠡᠬᠦᠨ ᠬᠤᠰᠢᠭᠤᠨ ᠤ ᠬᠡᠷᠡᠯᠰᠠᠶᠢᠬᠠᠨ᠂ ᠰᠢᠯᠢ ᠶᠢᠨ ᠭᠤᠤᠯ ᠠᠶᠢᠮᠠᠬ ᠤᠨ ᠵᠡᠬᠦᠨ ᠦᠵᠦᠮᠦᠴᠢᠨ ᠬᠤᠰᠢᠭᠤᠨ ᠤ ᠷᠢᠨᠴᠢᠨᠵᠢᠨᠪᠠ ᠨᠠᠷ ᠴᠤᠯᠭᠤᠷᠠᠨ ᠰᠶᠢᠳᠪᠤᠷᠢᠲᠤ ᠲᠡᠮᠡᠴᠡᠭᠡᠨ ᠤ ᠡᠷᠬᠡ ᠵᠢ ᠤᠯᠤᠯ᠎ᠠ᠃

    《ᠪᠠᠶᠠᠨᠴᠠᠭᠠᠨ》ᠬᠤᠨᠳᠠᠭᠠᠳᠤ ᠨᠠᠶ᠋ᠮᠠᠨ ᠮᠤᠵᠢ ᠤᠷᠤᠨ ᠤ ᠮᠤᠩᠭ᠋ᠤᠯ ᠤᠷᠳᠤ ᠶᠢᠨ ᠲᠠᠭᠤᠤ ᠶᠢᠨ ᠤᠷᠤᠯᠳᠤᠭᠠᠨ ᠢ ᠤᠷᠲᠤ ᠶᠢᠨ ᠳᠠᠭᠤᠤ᠂ ᠵᠤᠤ ᠤᠳᠠ ᠠᠷᠠᠳ ᠤᠨ ᠳᠠᠭᠤᠤ ᠭᠡᠬᠦ ᠬᠤᠶᠠᠷ ᠪᠠᠬ ᠲᠤ ᠬᠤᠪᠢᠶᠠᠨ ᠤᠷᠤᠯᠳᠤᠭᠤᠯᠵᠠᠢ᠃ ᠨᠡᠶᠢᠲᠡ ᠤᠷᠤᠯᠴᠠᠬᠰᠠᠨ 221 ᠳᠠᠭᠤᠴᠢᠳ ᠡᠴᠡ 7 ᠰᠠᠷ᠎ᠠ ᠶᠢᠨ 6 — 8 ᠤ᠋ ᠡᠳᠤᠷ ᠪᠤᠯᠤᠭᠰᠠᠨ ᠠᠩᠬᠠᠨ ᠤ ᠰᠢᠭᠰᠢᠬᠡ ᠤᠷᠤᠯᠳᠤᠭᠠᠨ ᠢᠶᠡᠷ ᠤᠷᠳᠤ ᠶᠢᠨ ᠲᠠᠭᠤᠤ ᠶᠢᠨ ᠪᠠᠬ ᠲᠤ 38 ᠳᠠᠭᠤᠴᠢᠨ᠂ ᠵᠤᠤ ᠤᠳᠠ ᠠᠷᠠᠳ ᠤᠨ ᠲᠠᠭᠤᠤ ᠶᠢᠨ ᠪᠠᠬ ᠲᠤ 22 ᠳᠠᠭᠤᠴᠢᠨ ᠰᠢᠭᠰᠢᠭᠳᠡᠨ ᠦᠯᠡᠳᠡᠵᠦ᠂ ᠬᠠᠭᠠᠰ ᠰᠢᠢᠳᠪᠤᠷᠢᠲᠤ ᠤᠷᠤᠯᠳᠤᠭᠠᠨ ᠳᠤ ᠦᠷᠢᠰᠦᠯᠳᠦᠬᠦ ᠡᠷᠬᠡ ᠵᠢ ᠤᠯᠤᠬᠰᠠᠨ ᠶᠤᠮ᠃ 8 ᠰᠠᠷ᠎ ᠠ ᠶᠢᠨ 4 ᠤ᠋ ᠡᠳᠦᠷ ᠵᠤᠤ ᠤᠳᠠ ᠠᠷᠠᠳ ᠤᠨ ᠲᠠᠭᠤᠤ ᠶᠢᠨ ᠪᠠᠬ ᠤᠨ ᠬᠠᠭᠠᠰ ᠰᠢᠢᠳᠪᠤᠷᠢᠲᠤ ᠤᠷᠤᠯᠳᠤᠭᠠᠨ ᠶᠠᠪᠤᠬᠳᠠᠬᠤ ᠪᠤᠯᠤᠨ᠎ᠠ᠃

    ᠪᠠᠶᠠᠨᠴᠠᠭᠠᠨ ᠪᠤᠯ ᠠᠷᠤ ᠬᠤᠷᠴᠢᠨ ᠬᠤᠰᠢᠭᠤ ᠪᠡᠷ ᠨᠤᠳᠤᠭ ᠲᠠᠢ ᠠᠯᠳᠠᠷᠳᠤ ᠤᠷᠲᠤ ᠶᠢᠨ ᠲᠠᠭᠤᠴᠢᠨ᠂ ᠤᠯᠤᠰ ᠤᠨ ᠨᠢᠬᠡᠳᠤᠭᠡᠷ ᠲᠡᠰ ᠤᠨ ᠲᠤᠭᠯᠠᠭᠴᠢ᠂ ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠠᠷᠠᠳ ᠤᠨ ᠤᠷᠠᠯᠢᠭ ᠤᠨ ᠵᠢᠭᠠᠨ ᠰᠤᠷᠭᠠᠭᠤ ᠰᠠᠭᠤᠷᠢᠨ ᠤ ᠮᠠᠬᠢᠰᠲ᠋ᠧᠷ ᠤᠨ ᠵᠢᠯᠤᠭᠤᠳᠤᠭᠴᠢ ᠪᠡᠷ ᠠᠵᠢᠯᠯᠠᠵᠦ ᠪᠠᠶᠢᠪᠠ᠃ ᠲᠡᠷᠡᠪᠡᠷ ᠠᠮᠢᠳᠤ ᠰᠡᠷᠡᠭᠦᠨ ᠪᠠᠶᠢᠬᠤ ᠳᠠᠭᠠᠨ ᠠᠷᠠᠳ ᠤᠨ ᠲᠠᠭᠤᠤ ᠪᠠᠨ ᠬᠠᠩᠬᠢᠨᠠᠭᠤᠯᠵᠦ᠂ ᠦᠷᠭᠡᠨ ᠲᠦᠮᠡᠨ ᠳ᠋ᠡᠭᠡᠨ ᠲᠠᠭᠠᠰᠢᠶᠠᠬᠳᠠᠵᠦ ᠶᠠᠪᠤᠬᠰᠠᠨ ᠢᠶᠡᠷ ᠲᠡᠬᠦᠨ ᠤ《ᠪᠦᠮᠪᠡᠢ ᠶᠢᠨ ᠰᠢᠯᠢ》᠂《ᠵᠠᠩ ᠮᠦᠷᠡᠨ ᠤ ᠤᠰᠤ》᠂《ᠵᠢᠢ ᠲᠠᠯ᠎ᠠ ᠶᠢᠨ ᠭᠤᠷᠭᠤᠤᠯ》ᠵᠡᠷᠬᠡ ᠤᠯᠠᠨ ᠰᠠᠶᠢᠬᠠᠨ ᠲᠠᠭᠤᠤ ᠨᠤᠭᠤᠳ ᠨᠢ ᠠᠷᠠᠳ ᠲᠦᠮᠡᠨ ᠤ ᠪᠠᠨ ᠰᠡᠳᠬᠢᠯ ᠳᠤ ᠭᠦᠨ ᠬᠠᠳᠠᠩᠰᠢᠵᠦ᠂ ᠲᠡᠦᠬᠡ ᠰᠤᠳᠤᠷ ᠲᠤ ᠪᠢᠴᠢᠭᠳᠡᠭᠰᠡᠨ ᠢᠶᠡᠷ ᠦᠯᠦ ᠪᠠᠷᠠᠮ ᠮᠦᠨ ᠡᠶᠢᠮᠦᠷᠬᠦ ᠨᠡᠷ᠎ᠡ ᠪᠡᠷ ᠨᠢ ᠨᠡᠷᠡᠶᠢᠳᠦᠭ᠍ᠰᠡᠨ ᠦᠢᠯᠡ ᠶᠠᠪᠤᠳᠠᠯ ᠵᠤᠬᠢᠶᠠᠨ ᠪᠠᠶᠢᠭᠤᠯᠤᠬᠳᠠᠵᠦ ᠤᠷᠤᠨ ᠨᠤᠲᠤᠬ ᠤᠨ ᠳᠠᠭᠤᠤ ᠤᠷᠠᠯᠢᠬ ᠤᠨ ᠬᠦᠭ᠍ᠵᠢᠯᠲᠡ ᠳᠤ ᠤᠷᠤᠭᠤᠯᠤᠬᠰᠠᠨ ᠦᠯᠡᠮᠵᠢ ᠬᠤᠪᠢ ᠨᠡᠮᠡᠷᠢ ᠵᠢ ᠨᠢ ᠦᠨᠡᠯᠡᠨ ᠪᠠᠶᠢᠭ᠎ᠠ ᠶᠤᠮ᠃

    ᠤᠷᠳᠤ ᠶᠢᠨ ᠲᠠᠭᠤᠤ ᠨᠢ ᠮᠤᠩᠭ᠋ᠤᠯᠴᠤᠳ ᠤᠨ ᠰᠤᠩᠭ᠋ᠤᠳᠠᠭ ᠰᠤᠶᠤᠯ ᠢᠶᠡᠷ ᠪᠠᠷᠠᠬᠤ ᠦᠭᠡᠢ ᠲᠡᠯᠡᠬᠡᠢ ᠶᠢᠨ ᠰᠤᠶᠤᠯ ᠤᠨ ᠦᠪ ᠤᠨ ᠬᠢᠯᠠᠯᠵᠠᠭᠰᠠᠨ ᠤᠳᠤᠨ᠃ ᠲᠡᠶᠢᠨᠬᠦ ᠲᠤᠰ ᠤᠷᠤᠯᠳᠤᠭᠠᠨ ᠢ ᠮᠦᠨ ᠮᠤᠩᠭ᠋ᠤᠯ ᠰᠤᠶᠤᠯ ᠤᠷᠠᠯᠢᠭ ᠢᠶᠡᠨ ᠤᠯᠠᠮᠵᠢᠯᠠᠨ ᠬᠦᠭ᠍ᠵᠢᠬᠦᠯᠵᠦ᠂ ᠠᠷᠠᠳ ᠤᠨ ᠲᠠᠭᠤᠴᠢᠳ ᠢᠶᠡᠨ ᠤᠷᠮᠠᠰᠢᠭᠤᠯᠤᠨ ᠵᠤᠷᠢᠭᠵᠢᠭᠤᠯᠬᠤ ᠵᠤᠷᠢᠭᠤᠯᠤᠯᠲᠠ ᠲᠠᠢ ᠵᠤᠬᠢᠶᠠᠨ ᠪᠠᠶᠢᠭᠤᠯᠵᠦ ᠪᠤᠢ᠃

    《ᠪᠠᠶᠠᠨᠴᠠᠭᠠᠨ》ᠬᠤᠨᠳᠠᠭᠠᠳᠤ ᠨᠠᠶ᠋ᠮᠠᠨ ᠮᠤᠵᠢ ᠤᠷᠤᠨ ᠤ ᠮᠤᠩᠭ᠋ᠤᠯ ᠤᠷᠳᠤ ᠶᠢᠨ ᠲᠠᠭᠤᠤ ᠶᠢᠨ ᠤᠷᠤᠯᠳᠤᠭᠠᠨ ᠢ ᠨᠠᠶ᠋ᠮᠠᠨ ᠮᠤᠵᠢ ᠤᠷᠤᠨ ᠤ ᠮᠤᠩᠭ᠋ᠤᠯ ᠬᠡᠯᠡ ᠪᠢᠴᠢᠭ᠌᠌ ᠤᠨ ᠠᠵᠢᠯ ᠤᠨ ᠬᠠᠮᠵᠢᠯᠴᠠᠭᠠᠨ ᠤ ᠲᠤᠭᠤᠶᠢᠯᠠᠩ ᠤᠨ ᠠᠯᠪᠠᠨ ᠬᠡᠷ᠂ ᠦᠪᠦᠷ ᠮᠤᠩᠭ᠋ᠤᠯ ᠤᠨ ᠦᠪᠡᠷᠲᠡᠬᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ᠂ ᠦᠪᠦᠷ ᠮᠤᠩᠭ᠋ᠤᠯ ᠤᠨ ᠦᠪᠡᠷᠲᠡᠬᠡᠨ ᠵᠠᠰᠠᠬᠤ ᠤᠷᠤᠨ ᠤ ᠰᠤᠶᠤᠯ ᠤᠨ ᠲᠢᠩᠬᠢᠮ᠂ ᠦᠪᠦᠷ ᠮᠤᠩᠭ᠋ᠤᠯ ᠤᠨ ᠷᠠᠳᠢᠤ᠋ ᠲᠸᠯᠸᠢᠰ ᠬᠤᠷᠢᠶ᠎ᠠ ᠡᠴᠡ ᠰᠠᠨᠠᠭᠠᠴᠢᠯᠠᠵᠦ᠂ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠦᠪᠦᠷ ᠮᠤᠩᠭ᠋ᠤᠯ ᠤᠨ ᠷᠠᠳᠢᠤ᠋ ᠲᠸᠯᠸᠢᠰ ᠬᠤᠷᠢᠶᠠᠨ ᠤ ᠮᠤᠩᠭ᠋ᠤᠯ ᠤᠳᠤᠨ ᠲᠧᠯᠧᠢᠰ ᠬᠠᠮᠳᠤᠷᠠᠨ ᠵᠤᠬᠢᠶᠠᠨ ᠪᠠᠶᠢᠭᠤᠯᠵᠠᠢ᠃

ᠳᠠᠭᠤᠴᠢᠳ ᠤᠷᠤᠯᠳᠤᠭᠠᠨ ᠤ ᠲᠠᠯᠠᠪᠠᠢ ᠳᠤ

ᠬᠢᠨᠠᠬᠴᠢ ᠡᠴᠡ ᠦᠨᠡᠯᠡᠭᠡ ᠦᠭᠴᠦ ᠪᠠᠶᠢᠭ᠎ᠠ ᠨᠢ

ᠬᠢᠨᠠᠬᠴᠢᠳ ᠤᠨ ᠡᠩᠨᠡᠭᠡ

ᠲᠠᠪᠤᠨ ᠤᠷᠤᠯᠴᠠᠬᠴᠢ ᠤᠷ᠎ᠠ ᠠᠪᠢᠶᠠᠰ ᠢᠶᠡᠨ ᠭᠠᠶᠢᠬᠠᠭᠤᠯᠤᠨ ᠦᠷᠢᠰᠦᠯᠳᠦᠵᠦ ᠪᠠᠶᠢᠨ᠎ᠠ

ᠲᠠᠯᠠᠪᠠᠢ ᠳᠤ ᠬᠤᠷᠠᠬᠰᠠᠨ ᠦᠵᠡᠭᠴᠢᠳ

ᠡᠴᠤᠰ ᠤᠨ ᠬᠤᠪᠢ ᠵᠢ ᠨᠡᠶᠢᠲᠡᠯᠡᠵᠦ ᠪᠠᠶᠢᠭ᠎ᠠ ᠨᠢ

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119337871