蒙古文网站Logo
ᠰᠢᠨᠬᠤᠸᠠ ᠮᠤᠩᠭ᠋ᠤᠯ ᠨᠧᠲ

《ᠪᠠᠶᠠᠨᠴᠠᠭᠠᠨ》ᠬᠤᠨᠳᠠᠭᠠᠳᠤ ᠨᠠᠶ᠋ᠮᠠᠨ ᠮᠤᠵᠢ ᠤᠷᠤᠨ ᠤ ᠮᠤᠩᠭ᠋ᠤᠯ ᠤᠷᠳᠤ ᠶᠢᠨ ᠲᠠᠭᠤᠤ ᠶᠢᠨ ᠤᠷᠤᠯᠳᠤᠭᠠᠨ ᠤ ᠵᠤᠤ ᠤᠳᠠ ᠠᠷᠠᠳ ᠤᠨ ᠳᠠᠭᠤᠤ ᠶᠢᠨ ᠪᠠᠭ ᠤᠨ ᠬᠠᠭᠠᠰ ᠰᠢᠢᠳᠪᠦᠷᠢᠳᠤ ᠤᠷᠤᠯᠳᠤᠭᠠᠨ ᠪᠤᠯᠵᠤ ᠦᠩᠬᠡᠷᠡᠯ᠎ᠡ

2016-08-05 16:04

    ᠰᠢᠨᠬᠤᠸᠠ ᠮᠤᠩᠭ᠋ᠤᠯ ᠨᠧᠲ  ᠤᠯᠠᠭᠠᠨᠬᠠᠳᠠ ᠶᠢᠨ 8 ᠰᠠᠷ᠎ᠠ ᠶᠢᠨ 5 ᠤ᠋ ᠡᠳᠤᠷ ᠤᠨ ᠴᠠᠬᠢᠯᠭᠠᠨ ᠮᠡᠳᠡᠬᠡ(ᠪᠠᠢ ᠯᠢᠩ ᠳ᠋ᠢ᠂ ᠬ·ᠦᠵᠡᠰᠬᠦᠯᠡᠩ)《ᠪᠠᠶᠠᠨᠴᠠᠭᠠᠨ》 ᠬᠤᠨᠳᠠᠭᠠᠳᠤ ᠨᠠᠶ᠋ᠮᠠᠨ ᠮᠤᠵᠢ ᠤᠷᠤᠨ ᠤ ᠮᠤᠩᠭ᠋ᠤᠯ ᠤᠷᠳᠤ ᠶᠢᠨ ᠲᠠᠭᠤᠤ ᠶᠢᠨ ᠤᠷᠤᠯᠳᠤᠭᠠᠨ ᠤ ᠵᠤᠤ ᠤᠳᠠ ᠠᠷᠠᠳ ᠤᠨ ᠳᠠᠭᠤᠤ ᠶᠢᠨ ᠪᠠᠬ ᠤᠨ ᠬᠠᠭᠠᠰ ᠰᠢᠢᠳᠪᠦᠷᠢᠳᠤ ᠤᠷᠤᠯᠳᠤᠭᠠᠨ 8 ᠰᠠᠷ᠎ᠠ ᠶᠢᠨ 4 ᠤ᠋ ᠡᠳᠤᠷ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠳᠤ ᠪᠤᠯᠵᠤ ᠦᠩᠬᠡᠷᠡᠯ᠎ᠡ᠃

    ᠤᠷᠤᠯᠳᠤᠭᠠᠨ ᠤ ᠡᠴᠦᠰ ᠲᠤ 22 ᠨᠡᠷ᠎ᠡ ᠤᠷᠤᠯᠳᠤᠭᠴᠢ ᠶᠢᠨ ᠲᠤᠳᠤᠷ᠎ᠡ ᠡᠴᠡ ᠡᠷᠳᠡᠨᠢᠠᠭᠤᠯᠠ᠂ ᠮᠦᠩᠬᠡᠵᠢᠶᠠᠭ᠎ᠠ᠂ ᠲᠤᠯᠭᠠᠭᠤᠷᠢ᠂ ᠰᠤᠶᠤᠯᠳᠤ᠂ ᠬᠠᠰᠪᠠᠭᠠᠨ᠎ᠠ᠂ ᠠᠷᠪᠠᠨᠲᠠᠪᠤᠨ ᠨᠠᠷ ᠴᠤᠯᠭᠤᠷᠠᠨ ᠰᠢᠢᠳᠪᠤᠷᠢᠲᠤ ᠲᠡᠮᠡᠴᠡᠭᠡᠨ ᠤ ᠡᠷᠬᠡ ᠵᠢ ᠤᠯᠤᠯ᠎ᠠ᠃

    《ᠪᠠᠶᠠᠨᠴᠠᠭᠠᠨ》ᠬᠤᠨᠳᠠᠭᠠᠳᠤ ᠨᠠᠶ᠋ᠮᠠᠨ ᠮᠤᠵᠢ ᠤᠷᠤᠨ ᠤ ᠮᠤᠩᠭ᠋ᠤᠯ ᠤᠷᠳᠤ ᠶᠢᠨ ᠲᠠᠭᠤᠤ ᠶᠢᠨ ᠤᠷᠤᠯᠳᠤᠭᠠᠨ ᠢ ᠤᠷᠲᠤ ᠶᠢᠨ ᠳᠠᠭᠤᠤ᠂ ᠵᠤᠤ ᠤᠳᠠ ᠠᠷᠠᠳ ᠤᠨ ᠳᠠᠭᠤᠤ ᠭᠡᠬᠦ ᠬᠤᠶᠠᠷ ᠪᠠᠬ ᠲᠤ ᠲᠤᠳᠤᠷᠠᠭᠰᠠᠨ 12 ᠨᠡᠷ᠎ᠠ ᠤᠷᠤᠯᠳᠤᠭᠴᠢ 5 ᠤ ᠡᠳᠤᠷ ᠰᠢᠶ᠋ᠳᠪᠦᠷᠢᠳᠤ ᠤᠷᠤᠯᠳᠤᠭᠠᠨ ᠳᠤ ᠤᠷᠤᠯᠴᠠᠵᠤ᠂ ᠤᠯᠭᠤᠭᠰᠠᠨ ᠬᠤᠪᠢ ᠶᠢᠨ ᠦᠨᠳᠤᠷ ᠡᠴᠡ ᠲᠤᠷᠤᠭᠰᠢ ᠲᠠᠷᠠᠭᠠᠯᠠᠯ ᠢᠶᠡᠷ ᠱᠠᠩᠨᠠᠯ ᠤᠨ ᠲᠡᠰ ᠳ᠋ᠤᠭᠠᠷ ᠲᠤᠭᠳᠠᠭᠠᠵᠤ᠂ ᠪᠠᠭ ᠪᠦᠷᠢ ᠳᠤ ᠨᠢᠬᠡᠳᠤᠭᠡᠷ ᠲᠡᠰ ᠲᠤ ᠨᠢᠬᠡ ᠨᠡᠷ᠎ᠡ᠂ ᠱᠨᠩᠨᠠᠯ ᠤᠨ ᠮᠦᠩᠬᠦ 20000 ᠶᠤᠸᠠᠨ᠂ ᠬᠤᠶᠠᠳᠤᠭᠠᠷ ᠲᠡᠰ ᠲᠤ ᠬᠤᠶᠠᠷ ᠨᠡᠷ᠎ᠡ᠂ ᠱᠠᠩᠨᠠᠯ ᠤᠨ ᠮᠦᠩᠬᠦ ᠲᠤᠰ ᠪᠦᠷᠢ 10000 ᠶᠤᠸᠠᠨ᠂ ᠭᠤᠳᠠᠭᠠᠷ ᠲᠤ ᠭᠤᠷᠪᠠᠨ ᠨᠡᠷ᠎ᠡ᠂ ᠱᠠᠩᠨᠠᠯ ᠤᠨ ᠮᠦᠩᠬᠦ ᠲᠤᠰ ᠪᠦᠷᠢ 5000 ᠶᠤᠸᠠᠨ ᠪᠠ ᠰᠢᠯᠢᠳᠡᠭ ᠱᠠᠩᠨᠠᠯ ᠵᠤᠬᠢᠬᠤ ᠨᠡᠷᠡᠰ ᠢ ᠱᠠᠩᠨᠠᠨ᠎ᠠ᠃

    ᠤᠷᠳᠤ ᠶᠢᠨ ᠲᠠᠭᠤᠤ ᠨᠢ ᠮᠤᠩᠭ᠋ᠤᠯᠴᠤᠳ ᠤᠨ ᠰᠤᠩᠭ᠋ᠤᠳᠠᠭ ᠰᠤᠶᠤᠯ ᠢᠶᠡᠷ ᠪᠠᠷᠠᠬᠤ ᠦᠭᠡᠢ ᠲᠡᠯᠡᠬᠡᠢ ᠶᠢᠨ ᠰᠤᠶᠤᠯ ᠤᠨ ᠦᠪ ᠤᠨ ᠬᠢᠯᠠᠯᠵᠠᠭᠰᠠᠨ ᠤᠳᠤᠨ᠃ ᠲᠡᠶᠢᠨᠬᠦ ᠲᠤᠰ ᠤᠷᠤᠯᠳᠤᠭᠠᠨ ᠢ ᠮᠦᠨ ᠮᠤᠩᠭ᠋ᠤᠯ ᠰᠤᠶᠤᠯ ᠤᠷᠠᠯᠢᠭ ᠢᠶᠡᠨ ᠤᠯᠠᠮᠵᠢᠯᠠᠨ ᠬᠦᠭ᠍ᠵᠢᠬᠦᠯᠵᠦ᠂ ᠠᠷᠠᠳ ᠤᠨ ᠲᠠᠭᠤᠴᠢᠳ ᠢᠶᠡᠨ ᠤᠷᠮᠠᠰᠢᠭᠤᠯᠤᠨ ᠵᠤᠷᠢᠭᠵᠢᠭᠤᠯᠬᠤ ᠵᠤᠷᠢᠭᠤᠯᠤᠯᠲᠠ ᠲᠠᠢ ᠵᠤᠬᠢᠶᠠᠨ ᠪᠠᠶᠢᠭᠤᠯᠵᠦ ᠪᠤᠢ᠃

    《ᠪᠠᠶᠠᠨᠴᠠᠭᠠᠨ》ᠬᠤᠨᠳᠠᠭᠠᠳᠤ ᠨᠠᠶ᠋ᠮᠠᠨ ᠮᠤᠵᠢ ᠤᠷᠤᠨ ᠤ ᠮᠤᠩᠭ᠋ᠤᠯ ᠤᠷᠳᠤ ᠶᠢᠨ ᠲᠠᠭᠤᠤ ᠶᠢᠨ ᠤᠷᠤᠯᠳᠤᠭᠠᠨ ᠢ ᠨᠠᠶ᠋ᠮᠠᠨ ᠮᠤᠵᠢ ᠤᠷᠤᠨ ᠤ ᠮᠤᠩᠭ᠋ᠤᠯ ᠬᠡᠯᠡ ᠪᠢᠴᠢᠭ᠌᠌ ᠤᠨ ᠠᠵᠢᠯ ᠤᠨ ᠬᠠᠮᠵᠢᠯᠴᠠᠭᠠᠨ ᠤ ᠲᠤᠭᠤᠶᠢᠯᠠᠩ ᠤᠨ ᠠᠯᠪᠠᠨ ᠬᠡᠷ᠂ ᠦᠪᠦᠷ ᠮᠤᠩᠭ᠋ᠤᠯ ᠤᠨ ᠦᠪᠡᠷᠲᠡᠬᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ᠂ ᠦᠪᠦᠷ ᠮᠤᠩᠭ᠋ᠤᠯ ᠤᠨ ᠦᠪᠡᠷᠲᠡᠬᠡᠨ ᠵᠠᠰᠠᠬᠤ ᠤᠷᠤᠨ ᠤ ᠰᠤᠶᠤᠯ ᠤᠨ ᠲᠢᠩᠬᠢᠮ᠂ ᠦᠪᠦᠷ ᠮᠤᠩᠭ᠋ᠤᠯ ᠤᠨ ᠷᠠᠳᠢᠤ᠋ ᠲᠸᠯᠸᠢᠰ ᠬᠤᠷᠢᠶ᠎ᠠ ᠡᠴᠡ ᠰᠠᠨᠠᠭᠠᠴᠢᠯᠠᠵᠦ᠂ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠦᠪᠦᠷ ᠮᠤᠩᠭ᠋ᠤᠯ ᠤᠨ ᠷᠠᠳᠢᠤ᠋ ᠲᠸᠯᠸᠢᠰ ᠬᠤᠷᠢᠶᠠᠨ ᠤ ᠮᠤᠩᠭ᠋ᠤᠯ ᠤᠳᠤᠨ ᠲᠧᠯᠧᠢᠰ ᠬᠠᠮᠳᠤᠷᠠᠨ ᠵᠤᠬᠢᠶᠠᠨ ᠪᠠᠶᠢᠭᠤᠯᠵᠠᠢ᠃(ᠵᠢᠷᠢᠤᠬ ᠢ ᠠᠷᠤ ᠬᠤᠷᠴᠢᠨ ᠬᠤᠰᠢᠭᠤᠨ ᠤ ᠷᠠᠳᠢᠤ᠋ ᠲᠸᠯᠸᠢᠰ ᠦᠢᠯᠡᠴᠢᠯᠡᠭᠡᠨ ᠤ ᠲᠦᠪ ᠤᠨ ᠰᠤᠷᠪᠤᠯᠵᠢᠯᠠᠬᠴᠢ ᠨᠠᠳᠮᠢᠳᠰᠡᠷᠡᠩ)

ᠬᠦᠭ᠍ᠵᠢᠮ ᠬᠠᠪᠰᠤᠷᠭᠠᠬᠴᠢ

ᠤᠷᠤᠯᠳᠤᠵᠦ ᠪᠠᠶᠢᠭ᠎ᠠ ᠨᠢ

ᠳᠠᠭᠤᠴᠢᠨ ᠤᠷᠤᠯᠳᠤᠭᠠᠨ ᠤ ᠦᠶ᠎ᠡ ᠪᠡᠷ ᠳᠠᠭᠤᠯᠠᠵᠦ ᠪᠠᠶᠢᠨ᠎ᠠ

ᠳᠠᠭᠤᠴᠢᠨ ᠤᠷᠤᠯᠳᠤᠭᠠᠨ ᠤ ᠦᠶ᠎ᠡ ᠪᠡᠷ ᠬᠦᠭ᠍ᠵᠢᠮ ᠤᠨ ᠪᠠᠬ ᠤᠨ ᠬᠠᠮᠲᠤ ᠲᠤᠬᠯᠠᠵᠦ ᠪᠤᠢ

ᠳᠠᠭᠤᠴᠢᠨ ᠤᠷᠤᠯᠳᠤᠭᠠᠨ ᠤ ᠦᠶ᠎ᠡ ᠪᠡᠷ ᠳᠠᠭᠤᠯᠠᠵᠦ ᠪᠠᠶᠢᠨ᠎ᠠ

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119344080