蒙古文网站Logo
ᠰᠢᠨᠬᠤᠸᠠ ᠮᠤᠩᠭ᠋ᠤᠯ ᠨᠧᠲ

ᠨᠠᠢᠮᠠᠳᠤᠭᠠᠷ ᠬᠤᠭᠤᠴᠠᠭᠠᠨ ᠤ 《ᠬᠡᠰᠡᠷ》ᠰᠤᠳᠤᠯᠤᠯ ᠤᠨ ᠤᠯᠠᠨ ᠤᠯᠤᠰ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ

2016-08-12 17:39

    《ᠠᠷᠪᠠᠨ ᠵᠦᠭ ᠤᠨ ᠡᠵᠡᠨ ᠬᠡᠰᠡᠷ ᠬᠠᠭᠠᠨ ᠤ ᠲᠤᠭᠤᠵᠢ ᠤᠷᠤᠰᠢᠪᠠᠢ》 ᠬᠡᠮᠡᠬᠦ ᠲᠤᠭᠤᠵᠢ ᠶᠢᠨ ᠪᠡᠭᠡᠵᠢᠩ ᠳᠤ ᠮᠤᠳᠤᠨ ᠪᠠᠷ ᠢᠶᠠᠷ ᠬᠡᠪᠯᠡᠭᠳᠡᠭᠰᠡᠨ 300 ᠵᠢᠯ ᠤᠨ ᠤᠢ ᠳᠤ ᠵᠤᠷᠢᠭᠤᠯᠤᠭᠰᠠᠨ ᠨᠠᠢᠮᠠᠳᠤᠭᠠᠷ ᠬᠤᠭᠤᠴᠠᠭᠠᠨ ᠤ 《ᠬᠡᠰᠡᠷ》ᠰᠤᠳᠤᠯᠤᠯ  ᠤᠨ ᠤᠯᠠᠨ ᠤᠯᠤᠰ  ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠵᠢᠴᠢ ᠪᠦᠬᠦ ᠤᠯᠤᠰ ᠤᠨ《ᠬᠡᠰᠡᠷ》 ᠢ᠋ ᠠᠪᠤᠷᠠᠵᠤ ᠬᠠᠮᠠᠭᠠᠯᠠᠭᠰᠠᠨ ᠠᠵᠢᠯ ‍ᠣᠨ‌ᠦᠷ᠎ᠡ ᠪᠦᠳᠦᠬᠡᠯ ᠤᠨ ᠲᠡᠯᠬᠡᠨ ᠦᠵᠡᠬᠦᠯᠦᠯᠬᠡ 8 ᠰᠠᠷ᠎ᠠ ᠶᠢᠨ 11 ᠤ ᠡᠳᠦᠷ ᠬᠦᠬᠡᠬᠤᠳᠠ ᠳᠤ ᠡᠬᠢᠯᠡᠪᠡ᠃

    ᠡᠨᠡ ᠬᠤᠷᠠᠯ ᠳᠤ ᠤᠷᠤᠰ ᠤᠨ ᠬᠤᠯᠪᠤᠭᠠᠨ ᠤ ᠪᠤᠷᠢᠶᠡᠳ᠂ ᠠᠯᠳᠠᠢ᠂ ᠲᠤᠸᠠ᠂ ᠶᠠᠺᠦᠲ ᠵᠢᠴᠢ ᠬᠠᠩᠭ᠋ᠠᠷᠢ᠂ ᠮᠤᠩᠭ᠋ᠤᠯ ᠤᠯᠤᠰ᠂ ᠲᠦᠷᠺ᠂ ᠶᠠᠫᠤᠨ ᠵᠡᠷᠬᠡ ᠭᠠᠳᠠᠭᠠᠳᠤ ᠶᠢᠨ ᠤᠯᠤᠰ ᠤᠷᠤᠨ ᠵᠢᠴᠢ ᠪᠡᠭᠡᠵᠢᠩ᠂ ᠲᠦᠪᠡᠳ᠂ ᠬᠦᠬᠡᠨᠠᠭᠤᠷ᠂ ᠦᠪᠦᠷ ᠮᠤᠩᠭ᠋ᠤᠯ᠂ ᠰᠧᠴᠤᠸᠠᠨ᠂ ᠰᠢᠨᠵᠢᠶᠠᠩ᠂ ᠭᠠᠨᠰᠤ᠂ ᠯᠢᠶᠤᠤᠨᠢᠩ ᠵᠡᠷᠬᠡ ᠮᠤᠵᠢ᠂ ᠬᠤᠳᠠ᠂ ᠦᠪᠡᠷᠳᠡᠬᠡᠨ ᠵᠠᠰᠠᠬᠤ ᠤᠷᠤᠨ ᠠᠴᠠ 100 ᠭᠠᠷᠤᠢ ᠡᠷᠳᠡᠮᠳᠡᠨ ᠰᠤᠳᠤᠯᠭᠠᠳᠠᠨ ᠪᠠ ᠬᠡᠰᠡᠷᠴᠢ ᠬᠦᠷᠦᠯᠴᠠᠨ ᠢᠷᠡᠵᠤ᠂ 《ᠬᠡᠰᠡᠷ》 ᠢ᠋ ᠠᠪᠤᠷᠠᠵᠤ ᠬᠠᠮᠠᠭᠠᠯᠠᠬᠤ ᠪᠠ ᠬᠦᠭ᠍ᠵᠢᠬᠦᠯᠬᠦ᠂ 《ᠬᠡᠰᠡᠷ》ᠰᠤᠳᠤᠯᠤᠯ ᠢ ᠬᠦᠨᠵᠡᠬᠡᠶᠢᠷᠡᠬᠦᠯᠬᠦ ᠪᠠ ᠬᠢᠷᠢ ᠲᠦᠪᠰᠢᠨ ᠢ ᠨᠢ ᠲᠡᠭᠡᠭ᠍ᠰᠢᠯᠡᠬᠦᠯᠬᠦ ᠵᠡᠷᠬᠡ ᠲᠠᠯ᠎ᠠ ᠪᠠᠷ ᠰᠤᠳᠤᠯᠤᠨ ᠶᠠᠷᠢᠯᠴᠠᠪᠠ᠃ (ᠡᠬᠡ ᠪᠢᠴᠢᠭ᠌  ᠢ ᠦᠷᠯᠦᠭ᠍ᠭᠦᠦ ᠪᠢᠴᠢᠵᠤ᠂ ᠵᠢᠷᠤᠭ ᠢ ᠲᠡᠮᠦᠷᠪᠡᠭᠠᠨ᠎ᠠ ᠵᠢᠷᠤᠬᠯᠠᠪᠠ)

 

ᠢᠷᠡᠯᠳᠡ᠄ ᠠᠷᠠᠳ ᠤᠨ ᠰᠦᠯᠵᠢᠶ᠎ᠠ  ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119384147