蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠬᠠᠮᠤᠭ ᠤᠨ ᠪᠠᠷᠠᠭᠤᠨ ᠬᠢᠵᠠᠭᠠᠷ ᠲᠠᠬᠢ ᠴᠠᠭᠠᠨ ᠢᠳᠡᠭᠡᠨ ᠤ ᠬᠤᠷᠰᠢᠶ᠎ᠠ

2016-08-17 17:46

    ᠰᠢᠨᠵᠢᠶᠠᠩ ᠤᠨ ᠤᠶᠢᠭᠤᠷ ᠥᠨᠳᠥᠰᠥᠳᠡᠨ ᠤ ᠥᠪᠡᠷᠳᠡᠭᠡᠨ ᠵᠠᠰᠠᠬᠤ ᠤᠷᠤᠨ ᠤ ᠢᠯᠢ ᠶᠢᠨ ᠬᠠᠰᠠᠭ ᠦᠨᠳᠦᠰᠦᠲᠡᠨ ᠤ ᠦᠪᠡᠷᠲᠡᠭᠡᠨ ᠵᠠᠰᠠᠬᠤ ᠵᠸᠦ ᠶᠢᠨ ᠮᠣᠩ᠋ᠭᠤᠯᠬᠦ᠋ᠷᠢᠶ᠎ᠡ ᠰᠢᠶᠠᠨ ᠤ 76 ᠳ᠋ᠤᠭᠠᠷ ᠬᠤᠧᠠᠷᠠᠨ ᠤ ᠭᠡᠳᠡᠩ ᠤᠨ ᠴᠠᠭᠠᠨ ᠢᠳᠡᠭᠡᠨ ᠤ ᠬᠤᠷᠰᠢᠶ᠎ᠠ  2016 ᠤᠨ ᠤ 6 ᠰᠠᠷ᠎ᠠ ᠶᠢᠨ 1  ᠳᠤ ᠪᠠᠶᠢᠭᠤᠯᠤᠭᠳᠠᠵᠠᠢ᠃ ᠡᠨᠡᠬᠦ ᠬᠤᠷᠰᠢᠶ᠎ᠠ ᠬᠠᠮᠲᠦ ᠶᠢᠨ ᠦᠢᠯᠡᠳᠬᠦᠨ ᠤ ᠳᠡᠮᠳᠡᠭ᠂ ᠬᠠᠮᠲᠦ ᠶᠢᠨ ᠦᠢᠯᠡᠳᠬᠦᠨ᠂ ᠨᠢᠭᠡᠳᠦᠯᠲᠡᠢ ᠬᠠᠮᠢᠶᠠᠷᠤᠯᠳᠠ᠂ ᠨᠢᠬᠡᠳᠦᠯᠲᠡᠢ ᠬᠤᠪᠢᠶᠠᠷᠢᠯᠠᠯᠲᠠ ᠶᠢᠨ ᠵᠠᠷᠴᠢᠮ ᠢ ᠪᠠᠷᠢᠮᠲᠠᠯᠠᠵᠤ᠂ ᠳᠤᠰᠠᠬᠠᠶᠢᠵᠢᠬᠰᠠᠨ ᠥᠢᠯᠡᠳᠪᠥᠷᠢᠯᠡᠯ ᠢᠶᠠᠷ ᠭᠤᠷᠪᠠᠳᠣᠭᠠᠷ ᠠᠵᠤ ᠦᠢᠯᠡᠰ ᠢ ᠬᠦᠭ᠍ᠵᠢᠭᠦᠯᠵᠦ᠂ ᠠᠵᠣ ᠠᠮᠢᠳᠦᠷᠠᠯ ᠢᠶᠠᠨ ᠪᠠᠶᠠᠯᠢᠭᠵᠢᠭᠤᠯᠵᠥ ᠪᠤᠢ᠃

    ᠡᠨᠡᠬᠦ ᠬᠤᠷᠰᠢᠶ᠎ᠠ ᠨᠢ ᠰᠠᠭᠠᠯᠢ ᠶᠢᠨ ᠠᠷᠢᠬᠢ ᠨᠡᠷᠡᠬᠦ  ᠪᠠᠷ ᠭᠤᠤᠯᠯᠠᠵᠤ᠂ ᠵᠦᠭᠡᠭᠡᠢ᠂ ᠬᠤᠷᠣᠳ᠂ ᠪᠢᠰᠢᠯᠠᠭ᠂ ᠴᠠᠭᠠᠨ ᠳᠣᠰᠣ᠂ ᠰᠢᠷ᠎ᠠ ᠳᠣᠰᠣ᠂ ᠡᠬᠡᠵᠡᠬᠡᠢ ᠵᠡᠷᠭᠡ ᠲᠦᠷᠦᠯ ᠪᠦᠷᠢ ᠶᠢᠨ ᠠᠮᠳᠠᠳᠦ ᠰᠠᠶᠢᠬᠠᠨ ᠴᠠᠭᠠᠨ ᠢᠳᠡᠭᠡ ᠪᠤᠯᠪᠠᠰᠣᠷᠠᠭᠤᠯᠵᠣ᠂ ᠰᠢᠨᠵᠢᠶᠠᠩ ᠤᠨ ᠢᠯᠢ ᠶᠢᠨ ᠬᠠᠰᠠᠭ ᠥᠨᠳᠥᠰᠥᠳᠡᠨ ᠤ ᠦᠪᠡᠷᠲᠡᠭᠡᠨ ᠵᠠᠰᠠᠬᠤ ᠵᠸᠦ ᠶᠢᠨ ᠴᠠᠪᠴᠢᠶᠠᠯ᠂ ᠲᠡᠭᠡᠰ᠂ ᠮᠣᠩ᠌ᠭᠤᠯᠬᠦ᠋ᠷᠢᠶ᠎ᠡ ᠰᠢᠶᠠᠨ ᠵᠡᠷᠬᠡ ᠤᠷᠤᠨ ᠨᠤᠲᠤᠭ ᠢᠶᠠᠷ ᠪᠤᠷᠤᠯᠠᠭᠤᠯᠵᠤ ᠪᠠᠶᠢᠨ᠎ᠠ᠃ ᠬᠤᠷᠰᠢᠶᠠᠨ  ᠳᠤ ᠬᠤᠪᠢ ᠤᠷᠤᠭᠰᠠᠨ 10 ᠡᠷᠦᠬᠡ ᠶᠢᠨ ᠬᠤᠶᠠᠷ ᠡᠷᠥᠬᠡ ᠨᠢ ᠤᠳᠤᠬᠢᠴᠢᠯᠠᠭᠰᠠᠨ ᠮᠠᠰᠢᠨ ᠲᠤᠨᠤᠭ ᠢᠶᠠᠷ ᠴᠠᠭᠠᠨ ᠢᠳᠡᠭᠡ  ᠪᠠᠨ ᠥᠢᠯᠡᠳᠪᠥᠷᠢᠯᠡᠵᠥ᠂ ᠪᠣᠰᠣᠳ ᠡᠷᠦᠬᠡ ᠨᠢ ᠤᠯᠠᠮᠵᠢᠯᠠᠯᠲᠦ ᠠᠷᠭ᠎ᠠ ᠪᠠᠷ ᠮᠤᠳᠣᠨ ᠪᠥᠷᠬᠦᠬᠦᠯ ᠢ ᠠᠰᠢᠭᠯᠠᠵᠣ ᠪᠤᠢ᠃ ᠮᠠᠰᠢᠨ ᠲᠥᠬᠦᠭᠡᠷᠦᠮᠵᠢ ᠳᠤ ᠲᠦᠰᠢᠭᠯᠡᠨ100 ᠺᠢᠯᠦᠭᠷᠠᠮ ᠰᠢᠨ᠎ᠡ ᠦᠨᠢᠶᠡᠨ ᠰᠦ᠋ ᠪᠠᠷ 10 ᠺᠢᠯᠤᠭ᠍ᠷᠠᠮ ᠰᠠᠭᠠᠯᠢ ᠶᠢᠨ ᠠᠷᠢᠬᠢ ᠨᠡᠷᠡᠬᠦ ᠪᠤᠯᠪᠠ᠃ ᠴᠢᠷᠮᠠᠶᠢᠯᠭ᠎ᠠ ᠬᠥᠮᠥᠨ ᠢ ᠭᠤᠮᠤᠳᠠᠭᠠᠳᠠᠭ ᠦᠭᠡᠢ ᠶᠢᠨ ᠬᠤᠶᠢᠨ᠎ᠠ ᠤᠬᠤᠷᠬᠠᠨ ᠬᠡᠳᠤᠨ ᠰᠠᠷ᠎ᠠ ᠶᠢᠨ ᠬᠤᠭᠤᠴᠠᠭᠠᠨ  ᠳᠤ 850 ᠯᠤᠩᠬᠤ ᠰᠠᠭᠠᠯᠢ ᠶᠢᠨ ᠠᠷᠢᠬᠢ᠂ 500 ᠭᠠᠷᠤᠢ ᠺᠢᠯᠤᠭ᠍ᠷᠠᠮ ᠡᠯ᠎ᠡ ᠲᠥᠷᠥᠯ  ᠤᠨ ᠴᠠᠭᠠᠨ ᠢᠳᠡᠭᠡ ᠶᠢ ᠵᠠᠬ᠎ᠠ ᠳᠡᠯᠭᠡᠭᠦᠷ ᠲᠦ ᠭᠠᠷᠭᠠᠵᠥ᠂ 30 ᠭᠠᠷᠤᠢ ᠲᠥᠮᠡᠨ ᠲᠥᠭᠦᠷᠢᠭ᠌ ᠤᠨ ᠤᠷᠤᠯᠭ᠎ᠠ ᠤᠯᠵᠠᠢ᠃

    ᠮᠣᠩ᠌ᠭᠤᠯ ᠦᠨᠳᠦᠰᠦᠲᠡᠨ ᠤ ᠰᠦᠨ ᠴᠠᠭᠠᠨ ᠦᠢᠯᠡᠰ ᠲᠤ ᠳᠤᠰᠤᠯ ᠨᠡᠮᠡᠷᠢᠯᠡᠵᠤ᠂ ᠤᠳᠤᠬᠢ ᠪᠤᠯᠤᠨ ᠤᠯᠠᠮᠵᠢᠯᠠᠯᠳᠤ ᠠᠷᠭ᠎ᠠ ᠶᠢ ᠬᠤᠤᠰᠯᠠᠭᠤᠯᠤᠨ ᠠᠵᠢᠯᠯᠠᠵᠤ ᠪᠤᠢ ᠳᠡᠳᠡᠨ ᠤ ᠥᠢᠯᠠᠰ ᠨᠠᠩ ᠬᠦᠭ᠍ᠵᠢᠨ ᠪᠤᠵᠠᠭᠠᠶᠢᠷᠠᠵᠤ᠂ ᠪᠠᠶᠠᠰᠤᠯ ᠪᠢᠯᠬᠠᠬᠰᠠᠨ ᠢᠨᠢᠶᠡᠳᠦ ᠭᠡᠳᠡᠩ  ᠤᠨ ᠠᠭᠤᠯᠠᠨ ᠳᠤ ᠴᠤᠤᠷᠢᠶᠠᠳᠤᠬᠤ ᠪᠤᠯᠲᠤᠭᠠᠢ!

ᠢᠷᠡᠯᠳᠡ᠄ ᠠᠷᠠᠳ ᠤᠨ ᠰᠦᠯᠵᠢᠶ᠎ᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119408637