蒙古文网站Logo
ᠰᠢᠨᠬᠤᠸᠠ ᠮᠤᠩᠭ᠋ᠤᠯ ᠨᠧᠲ

ᠡᠮᠦᠨᠡᠲᠦ ᠭᠣᠷᠯᠣᠰ ᠤᠨ ᠮᠣᠩᠭᠣᠯ ᠦᠨᠳᠦᠰᠦᠲᠡᠨ ᠦ ᠥᠪᠡᠷᠲᠡᠭᠡᠨ ᠵᠠᠰᠠᠬᠤ ᠰᠢᠶᠠᠨ ᠪᠠᠶᠢᠭᠤᠯᠤᠭᠳᠠᠭᠰᠠᠨ 60 ᠵᠢᠯ ᠦᠨ ᠣᠢ ᠶᠢ ᠲᠡᠮᠳᠡᠭᠯᠡᠬᠦ ᠦᠪᠡᠳᠡᠭᠰᠢ ᠠᠵᠢᠯᠯᠠᠭ᠎ᠠ 9 ᠰᠠᠷ᠎ᠠ ᠶᠢᠨ 1 ᠦ ᠡᠳᠦᠷ ᠨᠡᠬᠡᠬᠡᠯᠳᠡ ᠪᠡᠨ ᠬᠢᠨ᠎ᠡ

2016-08-30 16:59

    ᠰᠢᠨᠬᠤᠧᠠ ᠮᠣᠩᠭᠣᠯ ᠨᠧᠲ  ᠡᠮᠦᠨᠡᠲᠦ ᠭᠣᠷᠯᠣᠰ ᠤᠨ 8 ᠰᠠᠷ᠎ᠠ ᠶᠢᠨ 30 ᠦ ᠡᠳᠦᠷ ᠦᠨ ᠴᠠᠬᠢᠯᠭᠠᠨ ᠮᠡᠳᠡᠭᠡ  ᠬᠢᠷᠢᠨ ᠮᠤᠵᠢ ᠶᠢᠨ ᠡᠮᠦᠨᠡᠲᠦ ᠭᠣᠷᠯᠣᠰ ᠤᠨ ᠮᠣᠩᠭᠣᠯ ᠦᠨᠳᠦᠰᠦᠲᠡᠨ ᠦ ᠥᠪᠡᠷᠲᠡᠭᠡᠨ ᠵᠠᠰᠠᠬᠤ ᠰᠢᠶᠠᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠡᠴᠡ ᠣᠶᠢᠯᠠᠭᠠᠭᠰᠠᠨ ᠢᠶᠠᠷ᠂ ᠡᠮᠦᠨᠡᠲᠦ ᠭᠣᠷᠯᠣᠰ ᠤᠨ ᠮᠣᠩᠭᠣᠯ ᠦᠨᠳᠦᠰᠦᠲᠡᠨ ᠦ ᠥᠪᠡᠷᠲᠡᠭᠡᠨ ᠵᠠᠰᠠᠬᠤ ᠰᠢᠶᠠᠨ ᠪᠠᠶᠢᠭᠤᠯᠤᠭᠳᠠᠭᠰᠠᠨ 60 ᠵᠢᠯ ᠦᠨ ᠣᠢ ᠶᠢ ᠲᠡᠮᠳᠡᠭᠯᠡᠬᠦ ᠠᠵᠢᠯᠯᠠᠭ᠎ᠠ 9 ᠰᠠᠷ᠎ᠠ ᠶᠢᠨ 1 ᠦ ᠡᠳᠦᠷ ᠡᠴᠡ 3 ᠦ ᠡᠳᠦᠷ ᠪᠣᠯᠲᠠᠯ᠎ᠠ ᠡᠮᠦᠨᠡᠲᠦ ᠭᠣᠷᠯᠣᠰ ᠰᠢᠶᠠᠨ ᠳᠤ ᠦᠪᠡᠳᠡᠭᠰᠢ ᠶᠡᠬᠡ ᠪᠡᠷ ᠶᠠᠪᠤᠭᠳᠠᠬᠤ ᠪᠣᠯᠤᠨ᠎ᠠ᠃ ᠠᠵᠢᠯᠯᠠᠭ᠎ᠠ ᠨᠢᠡᠮᠦᠨᠡᠲᠦ ᠭᠣᠷᠯᠣᠰ ᠤᠨ ᠮᠣᠩᠭᠣᠯ ᠦᠨᠳᠦᠰᠦᠲᠡᠨ ᠦ ᠥᠪᠡᠷᠲᠡᠭᠡᠨ ᠵᠠᠰᠠᠬᠤ ᠰᠢᠶᠠᠨ ᠪᠠᠶᠢᠭᠤᠯᠤᠭᠳᠠᠭᠰᠠᠨ 60 ᠵᠢᠯ ᠦᠨ ᠣᠢ ᠶᠢ ᠪᠡᠯᠭᠡᠯᠡᠬᠦ ᠶᠡᠬᠡ ᠬᠤᠷᠠᠯ ᠵᠢᠴᠢ ᠠᠷᠪᠠᠨ ᠨᠠᠶᠮᠠᠳᠤᠭᠠᠷ ᠬᠤᠭᠤᠴᠠᠭᠠᠨ ᠤ ᠨᠠᠭᠠᠳᠤᠮ ᠤᠨ ᠶᠡᠬᠡ ᠬᠤᠷᠠᠯ᠂ ᠤᠷᠠᠨ ᠰᠠᠶᠢᠬᠠᠨ ᠤ ᠲᠣᠭᠯᠠᠯᠲᠠ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠵᠣᠬᠢᠶᠠᠨ ᠪᠠᠶᠢᠭᠤᠯᠤᠭᠳᠠᠬᠤ ᠪᠣᠯᠤᠨ᠎ᠠ᠃

    ᠡᠮᠦᠨᠡᠲᠦ ᠭᠣᠷᠯᠣᠰ ᠤᠨ ᠮᠣᠩᠭᠣᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠬᠢᠷᠢᠨ ᠮᠤᠵᠢ ᠶᠢᠨ ᠪᠠᠷᠠᠭᠤᠨ ᠬᠣᠶᠢᠲᠤ ᠬᠡᠰᠡᠭ ᠲᠤ ᠪᠠᠶᠢᠷᠢᠯᠠᠵᠤ᠂ 6980 ᠺᠦᠧᠠᠳ᠋ ᠺᠢᠯᠤᠮᠧᠲ᠋ᠷ ᠨᠤᠳᠤᠭ ᠳᠡᠪᠢᠰᠬᠡᠷ ᠲᠠᠢ᠂ 22 ᠰᠢᠶᠠᠩ ᠪᠠᠯᠭᠠᠰᠤ᠂ 17 ᠤᠯᠤᠰ ᠤᠨ ᠥᠮᠴᠢᠯᠡᠯᠳᠤ ᠵᠢᠭᠠᠰᠤᠨ ᠤ ᠲᠠᠯᠠᠪᠠᠢ ᠲᠠᠢ᠃ ᠨᠠᠶᠢᠳᠠ ᠬᠦᠮᠦᠨ ᠠᠮᠠ ᠶᠢᠨ ᠲᠣᠭ᠎ᠠ 60 ᠲᠦᠮᠡ ᠬᠦᠷᠴᠦ᠂ ᠡᠬᠦᠨ ᠳᠤ ᠮᠣᠩᠭᠣᠯ ᠦᠨᠳᠦᠰᠦᠲᠡᠨ 11% ᠶᠢ ᠡᠵᠡᠯᠡᠭᠰᠡᠨ ᠬᠢᠷᠢᠨ ᠮᠤᠵᠢ ᠶᠢᠨ ᠴᠣᠷ ᠤᠨ ᠭᠠᠭᠴᠠ ᠮᠣᠩᠭᠣᠯ ᠦᠨᠳᠦᠰᠦᠲᠡᠨ ᠦ ᠥᠪᠡᠷᠲᠡᠭᠡᠨ ᠵᠠᠰᠠᠬᠤ ᠰᠢᠶᠠᠨ ᠪᠣᠯᠤᠨ᠎ᠠ᠃ 1956 ᠣᠨ ᠤ 1 ᠰᠠᠷ᠎ᠠ ᠶᠢᠨ 1 ᠦ ᠡᠳᠦᠷ᠂ ᠳᠥᠷᠥ ᠶᠢᠨ ᠶᠠᠪᠤᠳᠠᠯ ᠤᠨ ᠬᠣᠷᠢᠶᠠᠨ ᠤ ᠵᠥᠪᠰᠢᠶᠡᠷᠡᠯ ᠲᠠᠢ ᠪᠡᠷ ᠭᠣᠷᠯᠣᠰ ᠡᠮᠦᠨᠡᠲᠦ ᠬᠣᠰᠢᠭᠤ ᠶᠢ ᠬᠠᠰᠤᠨ᠂ ᠡᠮᠦᠨᠡᠲᠦ ᠭᠣᠷᠯᠣᠰ ᠤᠨ ᠮᠣᠩᠭᠣᠯ ᠦᠨᠳᠦᠰᠦᠲᠡᠨ ᠦ ᠥᠪᠡᠷᠲᠡᠭᠡᠨ ᠵᠠᠰᠠᠬᠤ ᠰᠢᠶᠠᠨ ᠪᠣᠯᠭᠠᠨ ᠪᠠᠶᠢᠭᠤᠯᠵᠤ᠂ ᠵᠢᠯ ᠪᠣᠯᠭᠠᠨ ᠤ 9 ᠰᠠᠷ᠎ᠠ ᠶᠢᠨ 1 ᠦ ᠡᠳᠦᠷ ᠢ ᠥᠪᠡᠷᠲᠡᠭᠡᠨ ᠵᠠᠰᠠᠬᠤ ᠰᠢᠶᠠᠨ ᠪᠠᠶᠢᠭᠤᠯᠤᠭᠳᠠᠭᠰᠠᠨ ᠳᠤᠷᠠᠰᠬᠠᠯ ᠤᠨ ᠡᠳᠦᠷ ᠢᠶᠡᠷ ᠲᠣᠭᠲᠠᠭᠠᠵᠠᠢ᠃ ( ᠰᠢᠨᠬᠤᠧᠠ ᠮᠣᠩᠭᠣᠯ ᠨᠧᠲ ᠤᠨ ᠬ·ᠦᠵᠡᠰᠬᠦᠯᠡᠩ᠂ ᠰᠣᠷᠣᠶ᠎ᠠ᠂ ᠡᠮᠦᠨᠡᠲᠦ ᠭᠣᠷᠯᠣᠰ ᠤᠨ ᠷᠠᠳᠢᠣ᠋ ᠲᠧᠯᠧᠢᠰ ᠬᠣᠷᠢᠶᠠᠨ ᠤ ᠹᠦ᠋ ᠱᠠᠨ᠂ ᠲᠦᠪᠰᠢᠨᠵᠢᠷᠭᠠᠯ ᠨᠠᠷ ᠮᠡᠳᠡᠭᠡᠯᠡᠪᠡ )

ᠢᠷᠡᠯᠳᠡ᠄ ᠰᠢᠨᠬᠤᠧᠠ ᠮᠣᠩᠭᠣᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119525626