蒙古文网站Logo
ᠰᠢᠨᠬᠤᠸᠠ ᠮᠤᠩᠭ᠋ᠤᠯ ᠨᠧᠲ

ᠡᠮᠦᠨᠡᠲᠦ ᠭᠤᠷᠯᠤᠰ ᠤᠨ ᠮᠤᠩᠭ᠋᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠪᠠᠢᠢᠭᠤᠯᠤᠭᠲᠠᠭᠰᠠᠨ 60 ᠵᠢᠯ ᠤᠨ ᠤᠢ ᠶᠢ ᠲᠡᠮᠲᠡᠭᠯᠡᠬᠦ ᠠᠵᠢᠯᠯᠠᠭ᠎ᠠ ᠨᠢᠵᠢᠭᠢᠷ ᠰᠠᠢᠢᠬᠠᠨ ᠪᠤᠯᠤᠯ᠎ᠠ

2016-09-02 08:46

    ᠰᠢᠨᠬᠤᠸᠠ ᠮᠤᠩᠭ᠋᠋ᠤᠯ ᠨᠧᠲ  ᠡᠮᠦᠨᠡᠲᠦ ᠭᠤᠷᠯᠤᠰ ᠤᠨ 9 ᠰᠠᠷ᠎ᠠ ᠶᠢᠨ 1 ᠤ᠋ ᠡᠲᠦᠷ ᠤᠨ ᠴᠠᠬᠢᠯᠭᠠᠨ ᠮᠡᠲᠡᠭᠡ

      ᠨᠤᠨ ᠰᠤᠩᠭ᠋᠋ᠠᠷᠢ ᠶᠢᠨ ᠲᠦᠯᠭᠡᠨ ᠤᠷᠤᠰᠬᠠᠯ ᠲᠠᠢ
      ᠨᠤᠶᠠᠨ ᠤᠪᠠᠰᠢ ᠶᠢᠨ ᠭᠤᠯᠤᠮᠲᠠ ᠨᠤᠲᠤᠭ ᠲᠤ 
      ᠠᠤᠭ᠎ᠠ ᠪᠠᠶᠠᠷ ᠢᠶᠡᠨ ᠪᠡᠯᠭᠡᠯᠡᠨ ᠨᠠᠢᠢᠷᠯᠠᠯᠲᠤᠬᠤᠶ᠎ᠠ
      ᠤᠲᠤᠮᠲᠤ ᠭᠤᠷᠯᠤᠰ ᠦᠵᠡᠰᠭᠦᠯᠡᠩ

      ᠲᠡᠦᠬᠡ ᠲᠤᠤᠯᠢ ᠶᠢᠨ ᠰᠠᠢᠢᠬᠠᠨ ᠬᠦᠦᠷᠨᠢᠯ ᠲᠠᠢ
      ᠲᠤᠭᠲᠠᠬᠤ ᠪᠠᠭᠠᠲᠤᠷ ᠤᠨ ᠦᠯᠦᠭᠡᠢ ᠨᠤᠲᠤᠭ ᠲᠤ
      ᠵᠢᠷᠠᠨ ᠵᠢᠯ ᠤᠨ ᠤᠢ ᠪᠡᠷ ᠪᠠᠶᠠᠰᠤᠨ ᠬᠦᠭᠡᠷᠦᠯᠳᠦᠬᠦᠶ᠎ᠠ
      ᠵᠢᠷᠭᠠᠯᠲᠤ ᠡᠷᠡᠨ ᠨᠠᠢᠢᠷᠠᠮᠲᠠᠭᠤ

    ᠭᠢᠷᠢᠨ ᠮᠤᠵᠢ ᠶᠢᠨ ᠡᠮᠦᠨᠡᠲᠦ ᠭᠤᠷᠯᠤᠰ ᠤᠨ ᠮᠤᠩᠭ᠋᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠪᠠᠢᠢᠭᠤᠯᠤᠭᠲᠠᠭᠰᠠᠨ 60 ᠵᠢᠯ ᠤᠨ ᠤᠢ ᠢᠢ ᠲᠡᠮᠲᠡᠭᠯᠡᠬᠦ ᠦᠪᠡᠲᠡᠭᠰᠢ ᠠᠵᠢᠯᠯᠠᠭ᠎ᠠ 9 ᠰᠠᠷ᠎ᠠ ᠶᠢᠨ 1 ᠤ᠋ ᠡᠲᠦᠷ ᠤᠨ ᠦᠲᠡ ᠶᠢᠨ ᠡᠮᠦᠨ᠎ᠡ᠂ ᠡᠮᠦᠨᠡᠲᠦ ᠭᠤᠷᠯᠤᠰ ᠰᠢᠶᠠᠨ ᠳ᠋ᠤ ᠨᠢᠵᠢᠭᠢᠷ ᠰᠠᠢᠢᠬᠠᠨ ᠪᠤᠯᠵᠤ ᠦᠩᠭᠡᠷᠡᠪᠡ᠃ ᠨᠡᠭᠡᠭᠡᠯᠲᠡ ᠶᠢᠨ ᠶᠤᠰᠤᠯᠠᠯ ᠢᠶᠡᠷ᠂ ᠤᠯᠤᠰ ᠤᠨ ᠲᠤᠭ ᠤᠨ ᠡᠩᠨᠡᠭᠡ ᠲᠦᠷᠦᠭᠦᠯᠡᠨ ᠲᠠᠯᠠᠪᠠᠢ ᠳ᠋ᠤ ᠤᠷᠤᠵᠤ᠂ ᠬᠡᠢᠢᠮᠤᠷᠢ ᠲᠤᠭ ᠤᠨ ᠡᠩᠨᠡᠭᠡ᠂ ᠭᠠᠪᠰᠢᠭᠠᠢ ᠠᠩᠬᠢ ᠶᠢᠨ ᠡᠩᠨᠡᠭᠡ᠂ ᠠᠨᠲᠠᠢ ᠪᠦᠵᠢᠭ᠌ ᠤᠨ ᠡᠩᠨᠡᠭᠡ᠂ ᠪᠦᠬᠡᠴᠤᠳ ᠤᠨ ᠡᠩᠨᠡᠭᠡ᠂ ᠮᠤᠷᠢᠨ ᠬᠤᠭᠤᠷᠴᠢᠳ ᠤᠨ ᠡᠩᠨᠡᠭᠡ ᠵᠡᠷᠭᠡ ᠭᠤᠷᠯᠤᠰ ᠨᠤᠲᠤᠭ ᠤᠨ ᠡᠯ᠎ᠡ ᠠᠵᠢᠯ ᠤᠨ ᠹᠷᠤᠨᠲ ᠲᠡᠬᠢ ᠬᠦᠮᠦᠰ ᠤᠨ ᠲᠦᠯᠦᠭᠡᠯᠡᠭᠴᠢᠳ ᠤᠨ ᠡᠩᠨᠡᠭᠡ ᠠᠷᠤ ᠠᠷᠤ ᠡᠴᠡ ᠪᠠᠨ ᠦᠩᠭᠡᠷᠡᠵᠦ᠂ ᠦᠵᠡᠭᠴᠢ ᠲᠦᠮᠡᠨ ᠤ ᠦᠶ᠎ᠠ ᠦᠶ᠎ᠠ ᠬᠠᠯᠠᠭᠤᠨ ᠠᠯᠠᠭ᠎ᠠ ᠲᠠᠰᠢᠯᠲᠠ ᠶᠢ ᠬᠦᠷᠲᠡᠪᠡ᠃

    ᠠᠵᠢᠯᠯᠠᠭᠠᠨ ᠳ᠋ᠤ ᠭᠤᠷᠯᠤᠰ ᠨᠤᠲᠤᠭ ᠤᠨ ᠰᠤᠶᠤᠯ ᠢᠷᠭᠡᠨᠰᠢᠯ ᠢ ᠭᠦᠢᠴᠡᠳ ᠬᠠᠷᠠᠭᠤᠯᠤᠭᠰᠠᠨ ᠮᠢᠨᠭᠭᠠᠨ ᠬᠦᠮᠦᠨ ᠤ ᠠᠨᠲᠠᠢ ᠪᠦᠵᠢᠭ᠌᠂ ᠤᠯᠤᠰ ᠤᠨ ᠪᠡᠶᠡᠲᠦ ᠪᠤᠰᠤ ᠰᠤᠶᠤᠯ ᠤᠨ ᠦᠪ ᠶᠢᠡᠷ ᠪᠦᠷᠢᠳᠭᠡᠭᠦᠯᠦᠭᠰᠡᠨ ᠮᠤᠷᠢᠨ ᠬᠤᠭᠤᠷ᠂ ᠲᠦᠷᠪᠡᠨ ᠤᠲᠠᠰᠤᠲᠤ ᠬᠤᠭᠤᠷ ᠤᠨ ᠲᠤᠭᠯᠠᠯᠲᠠ ᠵᠡᠷᠭᠡ ᠤᠯᠠᠨ ᠰᠠᠢᠢᠬᠠᠨ ᠠᠷᠭ᠎ᠡ ᠬᠡᠮᠵᠢᠶ᠎ᠠ ᠵᠤᠬᠢᠶᠠᠨ ᠪᠠᠢᠢᠭᠤᠯᠤᠭᠲᠠᠪᠠ᠃ ᠡᠮᠦᠨᠡᠲᠦ ᠭᠤᠷᠯᠤᠰ ᠤᠨ ᠮᠤᠨᠭᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠪᠠᠢᠢᠭᠤᠯᠤᠭᠲᠠᠭᠰᠠᠨ 60 ᠵᠢᠯ ᠤᠨ ᠤᠢ ᠶᠢ ᠲᠡᠮᠲᠡᠭᠯᠡᠬᠦ ᠠᠷᠭ᠎ᠠ ᠬᠡᠮᠵᠢᠶᠠᠨ ᠳ᠋ᠤ ᠪᠦᠬᠦ ᠰᠢᠶᠠᠨ ᠤ ᠡᠯ᠎ᠡ ᠡᠲᠡᠭᠡᠳ ᠤᠨ ᠲᠦᠯᠦᠭᠡᠯᠡᠭᠴᠢ᠂ ᠠᠵᠢᠯᠴᠢᠨ᠂ ᠮᠠᠯᠴᠢᠨ᠂ ᠲᠠᠷᠢᠶᠠᠴᠢᠨ᠂ ᠰᠤᠷᠤᠭᠴᠢ ᠵᠡᠷᠭᠡ 13000 ᠭᠠᠷᠤᠢ ᠬᠦᠮᠦᠨ ᠤᠷᠤᠯᠴᠠᠪᠠ᠃ ᠨᠡᠬᠡᠬᠡᠯᠲᠡ ᠶᠢᠨ ᠠᠵᠢᠯᠯᠠᠭ᠎ᠠ ᠶᠢᠨ ᠦᠶ᠎ᠠ ᠪᠡᠷ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠭᠢᠷᠢᠨ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠵᠡᠷᠭᠡ ᠬᠠᠮᠢᠶ᠎ᠠ ᠪᠦᠬᠦᠢ ᠪᠠᠢᠢᠭᠤᠯᠭ᠎ᠠ ᠨᠢᠭᠡᠴᠡ ᠶᠢᠨ ᠬᠢᠨ ᠬᠦᠷᠦᠯᠴᠡᠨ ᠢᠷᠡᠵᠦ ᠪᠠᠶᠠᠷ ᠬᠦᠷᠭᠡᠭ᠍ᠰᠡᠨ ᠡᠴᠡ ᠭᠠᠲᠠᠨ᠎ᠠ ᠤᠯᠤᠰ ᠲᠠᠶᠠᠭᠠᠷ ᠤᠨ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠵᠸᠦ᠂ ᠦᠪᠡᠷᠲᠡᠭᠡᠨ ᠵᠠᠰᠠᠬᠤ ᠰᠢᠶᠠᠨ ᠤ ᠲᠦᠯᠦᠭᠡᠯᠡᠭᠴᠢ᠂ ᠤᠷᠤᠰ ᠤᠨ ᠬᠤᠯᠪᠤᠭᠠᠨ ᠤ ᠪᠦᠭᠦᠲᠠ ᠨᠠᠢᠢᠷᠠᠮᠲᠠᠬᠤ ᠪᠤᠷᠢᠶᠠᠳ ᠤᠯᠤᠰ᠂ ᠮᠤᠩᠭ᠋᠋ᠤᠯ ᠤᠯᠤᠰ ᠤᠨ ᠲᠦᠯᠦᠭᠡᠯᠡᠭᠴᠢ ᠴᠤ ᠭᠠᠵᠠᠷ ᠳᠡᠬᠡᠷ᠎ᠡ ᠨᠢ ᠢᠷᠡᠵᠦ ᠬᠠᠯᠠᠭᠤᠨ ᠪᠠᠶᠠᠷ ᠬᠦᠷᠭᠡᠪᠡ᠃

    1956 ᠤᠨ ᠤ 1 ᠰᠠᠷ᠎ᠠ ᠶᠢᠨ 1 ᠤ᠋ ᠡᠲᠦᠷ᠂ ᠡᠮᠦᠨᠡᠲᠦ ᠭᠤᠷᠯᠤᠰ ᠤᠨ ᠮᠤᠩᠭ᠋᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠲᠦᠷᠦ ᠶᠢᠨ ᠶᠠᠪᠤᠲᠠᠯ ᠤᠨ ᠬᠤᠷᠢᠶᠠᠨ ᠤ ᠵᠦᠪᠰᠢᠶᠡᠷᠡᠯ ᠲᠠᠢ ᠪᠡᠷ ᠪᠠᠢᠢᠭᠤᠯᠤᠭᠲᠠᠵᠤ᠂ ᠵᠢᠯ ᠪᠤᠯᠭᠠᠨ ᠤ 9 ᠰᠠᠷ᠎ᠠ ᠶᠢᠨ 1 ᠤ᠋ ᠡᠲᠦᠷ ᠢ ᠦᠪᠡᠷᠲᠡᠭᠡᠨ ᠵᠠᠰᠠᠬᠤ ᠰᠢᠶᠠᠨ ᠪᠠᠢᠢᠭᠤᠯᠤᠭᠲᠠᠭᠰᠠᠨ ᠡᠳᠦᠷ ᠢᠶᠡᠷ ᠲᠤᠭᠲᠠᠭᠠᠪᠠ᠃

    ᠨᠡᠭᠡᠭᠡᠯᠲᠡ ᠶᠢᠨ ᠠᠵᠢᠯᠯᠠᠭ᠎ᠠ ᠶᠢᠨ ᠦᠶ᠎ᠠ ᠪᠡᠷ ᠡᠮᠦᠨᠡᠲᠦ ᠭᠤᠷᠯᠤᠰ ᠤᠨ ᠦᠪᠡᠷᠲᠡᠭᠡᠨ ᠵᠠᠰᠠᠬᠤ ᠰᠢᠶᠠᠨ ᠶᠢᠡᠷ ᠨᠤᠲᠤᠭ ᠲᠠᠢ ᠭᠢᠷᠢᠨ ᠮᠤᠵᠢ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠬᠤ ᠪᠦᠬᠡ ᠪᠤᠯᠤᠨ ᠮᠤᠩᠭ᠋᠌ᠤᠯ ᠤᠯᠤᠰ ᠤᠨ ᠵᠤᠴᠢᠨ ᠪᠠᠲᠤᠬᠤᠶᠠᠭ ᠤᠨ ᠰᠤᠷᠪᠤᠯᠵᠢᠯᠠᠭ᠎ᠠ ᠶᠢ ᠠᠦ᠋ᠳᠢᠤ‍ ᠪᠡᠷ ᠬᠦᠷᠭᠡᠯ᠎᠎ᠠ᠂ ᠲᠠᠭᠠᠯᠠᠨ ᠪᠤᠯᠭᠤᠭᠠᠨ᠎ᠠ ᠤᠤ!(ᠰᠢᠨᠬᠤᠸᠠ ᠮᠤᠩᠭ᠋᠋ᠤᠯ ᠨᠧᠲ ᠤᠨ ᠬ·ᠦᠵᠡᠰᠭᠦᠯᠡᠩ᠂ ᠰᠤᠷᠤᠶ᠎ᠠ᠂ ᠡᠮᠦᠨᠡᠲᠦ ᠭᠤᠷᠯᠤᠰ ᠤᠨ ᠷᠠᠳᠢᠤ‍ ᠲᠧᠯᠸᠢᠰ ᠬᠤᠷᠢᠶᠠᠨ ᠤ ᠲᠦᠪᠰᠢᠨᠵᠢᠷᠭᠠᠯ ᠨᠠᠷ ᠮᠡᠲᠡᠭᠡᠯᠡᠵᠦ᠂ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠰᠢᠦᠢ ᠴᠠᠩ ᠵᠢᠷᠤᠭᠯᠠᠪᠠ)

ᠢᠷᠡᠯᠳᠡ᠄ ᠰᠢᠨᠬᠤᠸᠠ ᠮᠤᠩᠭ᠋᠋ᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119497773