蒙古文网站Logo
ᠰᠢᠨᠬᠤᠸᠠ ᠮᠤᠩᠭ᠋ᠤᠯ ᠨᠧᠲ

ᠦᠨᠳᠦᠰᠦᠲᠡᠨ ᠤ ᠰᠤᠷᠭᠠᠨ ᠬᠦᠮᠦᠵᠢᠯ ᠢ ᠬᠦᠨᠳᠦᠳᠬᠡᠨ ᠳᠡᠭᠡᠳᠦᠯᠡᠭᠰᠡᠨ ᠡᠮᠦᠨᠡᠲᠦ ᠭᠤᠷᠯᠤᠰ

2016-09-02 08:58

    ᠰᠢᠨᠬᠣᠧᠠ ᠮᠣᠩᠭᠣᠯ ᠨᠧᠲ  ᠡᠮᠦᠨᠡᠲᠤ ᠭᠤᠷᠯᠤᠰ ᠤᠨ 9 ᠰᠠᠷ᠎ᠠ ᠶᠢᠨ 1 ᠤ᠋ ᠡᠳᠦᠷ ᠤᠨ ᠴᠠᠬᠢᠯᠭᠠᠨ ᠮᠡᠳᠡᠭᠡ᠂ ᠡᠮᠦᠨᠡᠲᠤ ᠭᠣᠷᠯᠤᠰ ᠤᠨ ᠮᠣᠩᠭᠣᠯ ᠦᠨᠳᠤᠰᠦᠲᠡᠨ ᠤ ᠥᠪᠡᠷᠲᠡᠬᠡᠨ ᠵᠠᠰᠠᠬᠤ ᠰᠢᠶᠠᠨ ᠪᠠᠶᠢᠭᠤᠯᠤᠭᠳᠠᠭᠰᠠᠨ 60 ᠵᠢᠯ ᠤᠨ ᠤᠢ ᠶᠢᠨ ᠠᠵᠠ ᠲᠠᠢ ᠳᠤᠬᠢᠶᠠᠯ ᠢᠶᠡᠷ ᠳᠤᠰ ᠨᠤᠳᠤᠭ ᠤᠨ ᠦᠨᠳᠤᠰᠤᠲᠠᠨ ᠤ ᠰᠤᠶᠤᠯ᠂ ᠰᠤᠷᠭᠠᠨ ᠬᠦᠮᠦᠵᠢᠯ ᠲᠠᠢ ᠳᠠᠨᠢᠯᠴᠠᠯ᠎ᠠ᠃

    ᠡᠮᠦᠨᠡᠲᠤ ᠭᠣᠷᠯᠤᠰ ᠪᠣᠯ ᠭᠢᠷᠢᠨ ᠮᠣᠵᠢ ᠶᠢᠨ ᠴᠤᠷ ᠤᠨ ᠭᠠᠭᠴᠠ ᠮᠣᠩᠭᠣᠯ ᠦᠨᠳᠤᠰᠤᠲᠠᠨ ᠤ ᠥᠪᠡᠷᠲᠡᠭᠡᠨ ᠵᠠᠰᠠᠬᠤ ᠰᠢᠶᠠᠨ ᠮᠦᠨ᠃ ᠦᠨᠳᠤᠰᠤᠲᠠᠨ ᠤ ᠰᠣᠷᠭᠠᠨ ᠬᠦᠮᠦᠵᠢᠯ ᠨᠢ ᠡᠮᠦᠨᠡᠲᠤ ᠭᠣᠷᠯᠤᠰ ᠤᠨ ᠰᠤᠷᠭᠠᠨ ᠬᠦᠮᠦᠵᠢᠯ ᠤᠨ ᠴᠢᠬᠤᠯᠠ ᠪᠦᠷᠢᠯᠳᠤᠭᠦᠨ ᠪᠤᠯᠤᠨ᠎ᠠ᠃ ᠰᠢᠶᠠᠨ ᠤ ᠨᠠᠮ ᠤᠨ ᠬᠣᠷᠢᠶ᠎ᠠ᠂ ᠰᠢᠶᠠᠨ ᠤ ᠵᠠᠰᠠᠭ ᠤᠨ ᠤᠷᠳᠤᠨ ᠦᠨᠳᠤᠰᠤᠲᠠᠨ ᠤ ᠰᠣᠷᠭᠠᠨ ᠬᠦᠮᠦᠵᠢᠯ ᠤᠨ ᠬᠦᠭ᠍ᠵᠢᠯᠲᠠ ᠶᠢ ᠶᠡᠬᠡᠪᠡᠷ ᠴᠢᠬᠤᠯᠠᠴᠢᠯᠠᠨ ᠦᠵᠡᠵᠤ ᠢᠷᠡᠭᠰᠡᠨ ᠢᠶᠡᠷ ᠦᠨᠳᠤᠰᠤᠲᠠᠨ ᠤ ᠰᠣᠷᠭᠠᠨ ᠬᠦᠮᠦᠵᠢᠯ ᠦᠭᠡᠢ ᠡᠴᠡ ᠪᠡᠨ ᠪᠠᠶᠢᠬᠤ ᠪᠤᠯᠤᠭᠰᠠᠨ᠂ ᠵᠢᠵᠢᠭᠬᠡᠨ ᠬᠡᠪᠴᠢᠶ᠎ᠡ ᠲᠠᠢ ᠪᠠᠶᠢᠭᠰᠠᠨ ᠡᠴᠡ ᠪᠡᠨ ᠦᠷᠬᠡᠵᠢᠨ ᠳᠡᠯᠡᠭᠰᠡᠨ ᠪᠦᠬᠦ ᠲᠠᠯ᠎ᠠ ᠶᠢᠨ ᠬᠦᠭ᠍ᠵᠢᠯᠲᠠ ᠶᠢ ᠪᠡᠶᠡᠯᠡᠬᠦᠯᠵᠡᠢ᠃ ᠡᠶᠢᠨᠬᠦ ᠮᠣᠩᠭᠣᠯ ᠦᠨᠳᠤᠰᠤᠲᠡᠨ ᠤ ᠰᠤᠶᠤᠯ ᠢᠶᠡᠨ ᠬᠡᠷᠬᠢᠨ ᠪᠠᠳᠠᠷᠠᠭᠤᠯᠤᠨ ᠭᠦᠭ᠍ᠵᠢᠭᠦᠯᠵᠤ ᠪᠠᠶᠢᠭ᠎ᠠ ᠶᠢ ᠤᠶᠢᠯᠠᠭᠠᠬᠤ ᠶᠢᠨ ᠲᠤᠰᠠᠲᠠ ᠡᠮᠦᠨᠡᠲᠤ ᠭᠣᠷᠯᠤᠰ ᠤᠨ ᠮᠣᠩᠭᠣᠯ ᠰᠤᠷᠭᠠᠭᠤᠯᠢ ᠨᠤᠭᠤᠳ ᠢᠶᠡᠷ ᠬᠦᠷᠦᠯ᠎ᠡ᠃

    ᠡᠮᠦᠨᠡᠲᠤ ᠭᠣᠷᠯᠤᠰ ᠰᠢᠶᠠᠨ ᠪ ᠮᠣᠩᠭᠣᠯ ᠦᠨᠳᠤᠰᠤᠲᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ

    ᠥᠢᠯᠡᠭᠠᠭᠰᠠᠨ ᠢᠶᠡᠷ᠂ ᠡᠮᠦᠨᠡᠲᠤ ᠭᠣᠷᠯᠤᠰ ᠰᠢᠶᠠᠨ ᠪ  ᠮᠣᠩᠭᠣᠯ ᠦᠨᠳᠤᠰᠤᠲᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ 1987 ᠣᠨ ᠳᠤ ᠪᠠᠶᠢᠭᠤᠯᠤᠭᠳᠠᠵᠤ᠂ 126 ᠪᠠᠭᠰᠢ ᠠᠵᠢᠯᠲᠠᠨ ᠲᠠᠢ᠂ 96% ᠶᠢᠨ ᠪᠠᠭᠰᠢ ᠠᠵᠢᠯᠲᠠᠨ ᠨᠢ ᠮᠣᠩᠭᠣᠯ ᠦᠨᠳᠤᠰᠤᠲᠠᠨ ᠮᠦᠨ᠃ ᠤᠳᠤᠬᠠᠨ ᠳᠤ ᠮᠢᠩᠭ᠎ᠠ ᠰᠢᠬᠠᠮ ᠰᠤᠷᠤᠭᠴᠢ ᠮᠣᠩᠭᠣᠯ ᠢᠶᠡᠷ ᠬᠢᠴᠢᠶᠡᠯᠯᠡᠵᠤ ᠪᠤᠢ᠃ ᠰᠤᠷᠭᠠᠭᠤᠯᠢ ᠶᠢᠨ ᠵᠠᠬᠢᠷᠤᠯ ᠴᠧᠨ ᠶᠦᠩ ᠰᠢᠩ᠂ ᠰᠤᠷᠭᠠᠭᠤᠯᠢ ᠶᠢᠨ ᠬᠢᠲᠠᠳ ᠮᠣᠩᠭᠣᠯ ᠰᠤᠷᠤᠭᠴᠢ ᠶᠢᠨ ᠲᠤᠭᠠᠨ ᠤ ᠬᠠᠷᠢᠴᠠᠯ ᠲᠡᠩᠴᠡᠭᠦᠤ᠂ ᠨᠢᠳᠤᠨᠤᠨ ᠪᠠᠰᠠ ᠨᠢᠬᠡ ᠮᠣᠩᠭᠣᠯ ᠬᠡᠯᠡᠨ ᠤ ᠠᠩᠬᠢ ᠨᠡᠮᠡᠵᠤ ᠡᠯᠰᠡᠭᠰᠡᠨ᠃ ᠰᠤᠷᠤᠭᠴᠢᠳ ᠤᠨ ᠮᠣᠩᠭᠣᠯ ᠦᠭᠡ ᠬᠡᠯᠡ ᠪᠡᠨ ᠪᠠᠷᠢᠮᠵᠢᠶ᠎ᠠ ᠪᠡᠷ ᠠᠪᠢᠶᠠᠯᠠᠵᠤ ᠰᠤᠷᠬᠤ ᠶᠢ ᠪᠠᠲᠤᠯᠠᠬᠤ ᠶᠢᠨ ᠲᠤᠰᠠᠲᠠ ᠰᠡᠬᠦᠯ ᠤᠨ ᠵᠢᠯ ᠤᠳ ᠲᠤ 《ᠪᠠᠷᠢᠮᠵᠢᠶ᠎ᠠ ᠪᠡᠷ ᠠᠪᠢᠶᠠᠯᠠᠵᠤ ᠤᠩᠰᠢᠬᠤ》ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠡᠳᠦᠷ ᠪᠦᠷᠢ ᠶᠢᠨ ᠮᠣᠩᠭᠣᠯ ᠬᠡᠯᠡᠨ ᠤ ᠬᠢᠴᠢᠶᠠᠯ ᠤᠨ ᠡᠮᠦᠨᠡᠬᠢ ᠠᠷᠪᠠᠨ ᠮᠢᠨᠦ᠋ᠲ ᠢ ᠠᠰᠢᠭᠯᠠᠨ ᠰᠤᠷᠤᠭᠴᠢᠳ ᠢ ᠪᠠᠷᠢᠮᠵᠢᠶ᠎ᠠ ᠠᠪᠢᠶᠠᠨ ᠤ ᠤᠩᠰᠢᠯᠭ᠎ᠠ ᠬᠢᠯᠬᠡᠵᠤ ᠪᠠᠶᠢᠨ᠎ᠠ ᠬᠡᠵᠡᠢ᠃ ᠤᠶᠢᠯᠠᠭᠠᠭᠰᠠᠨ ᠢᠶᠡᠷ᠂ ᠳᠤᠰ ᠰᠤᠷᠭᠠᠭᠤᠯᠢ ᠨᠢ ᠮᠣᠩᠭᠣᠯ ᠦᠨᠳᠤᠰᠤᠲᠠᠨ ᠤ ᠦᠨᠳᠤᠰᠤᠨ ᠰᠤᠶᠤᠯ ᠠᠷᠠᠨᠰᠢᠨ ᠢ ᠰᠤᠷᠤᠭᠴᠢᠳ ᠲᠤ ᠪᠡᠨ ᠤᠶᠢᠯᠠᠭᠠᠭᠤᠯᠤᠨ ᠮᠡᠳᠡᠭᠦᠯᠬᠦ ᠡᠬᠦᠳᠡᠨ ᠡᠴᠡ ᠵᠢᠭᠠᠨ ᠰᠤᠷᠭᠠᠯᠲᠠ ᠶᠢᠨ ᠢᠶᠡᠨ ᠠᠰᠠᠷ ᠲᠤ《ᠮᠣᠩᠭᠣᠯ ᠦᠨᠳᠤᠰᠤᠲᠠᠨ ᠤ ᠰᠤᠶᠤᠯ ᠠᠷᠠᠨᠰᠢᠨ ᠤ ᠦᠵᠡᠭᠦᠯᠦᠯᠭᠡ ᠶᠢᠨ ᠲᠠᠩᠬᠢᠮ》ᠪᠠᠶᠢᠭᠤᠯᠤᠨ ᠮᠣᠩᠭᠣᠯ ᠡᠳ᠋ᠯᠡᠯ᠂ ᠮᠣᠩᠭ᠋᠋ᠤᠯ ᠵᠠᠰᠠᠯ ᠢ ᠳᠡᠯᠭᠡᠨ ᠦᠵᠡᠭᠦᠯᠵᠠᠢ᠃ ᠡᠬᠦᠨ ᠡᠴᠡ ᠭᠠᠳᠠᠨ᠎ᠠ ᠪᠠᠰᠠ ᠮᠣᠷᠢᠨ ᠬᠤᠭᠤᠷ ᠤᠨ ᠠᠩᠬᠢ ᠪᠤᠯᠤᠨ ᠰᠤᠷ ᠬᠠᠷᠪᠤᠯᠳᠠ ᠶᠢᠨ ᠠᠩᠬᠢ ᠪᠠᠶᠢᠭᠤᠯᠪᠠ᠃ ᠮᠣᠷᠢᠨ ᠬᠤᠭᠤᠷ ᠤᠨ ᠠᠩᠬᠢ ᠨᠢ ᠤᠳᠤ ᠲᠤᠰ ᠰᠤᠷᠭᠠᠭᠤᠯᠢ ᠶᠢᠨ ᠤᠨᠴᠠᠯᠢᠭᠲᠤ ᠠᠩᠬᠢ ᠪᠤᠯᠤᠭᠰᠠᠨ ᠪᠠᠶᠢᠨ᠎ᠠ᠃

    ᠡᠮᠦᠨᠡᠲᠤ ᠭᠣᠷᠯᠤᠰ ᠤᠨ ᠮᠣᠩᠭᠣᠯ ᠳᠤᠮᠳᠠᠳᠤ ᠰᠤᠷᠭᠠᠭᠤᠯᠢ

    ᠥᠢᠯᠡᠭᠠᠭᠰᠠᠨ ᠢᠶᠡᠷ᠂ ᠡᠮᠦᠨᠡᠲᠤ ᠭᠣᠷᠯᠤᠰ ᠤᠨ ᠮᠣᠩᠭᠣᠯ ᠳᠤᠮᠳᠠᠳᠤ ᠰᠤᠷᠭᠠᠭᠤᠯᠢ ᠳᠤ ᠴᠤᠯ ᠮᠣᠩᠭᠣᠯ ᠢᠶᠡᠷ ᠬᠢᠴᠢᠶᠡᠯᠯᠡᠵᠤ ᠪᠠᠶᠢᠭ᠎ᠠ ᠰᠤᠷᠤᠭᠴᠢ 80 ᠭᠠᠷᠦᠶ᠂ ᠮᠣᠩᠭᠣᠯ ᠬᠡᠯᠡ ᠨᠡᠮᠡᠵᠤ ᠰᠤᠷᠬᠤ ᠠᠩᠬᠢ ᠶᠢᠨ ᠰᠤᠷᠤᠭᠴᠢ 600 ᠭᠠᠷᠤᠢ ᠪᠤᠢ᠃

    ᠵᠢᠭᠠᠨ ᠰᠤᠷᠭᠠᠬᠤ ᠬᠡᠯᠳᠡᠰ ᠤᠨ ᠡᠷᠬᠢᠯᠡᠭᠴᠢ ᠤᠣ ᠯᠠ ᠶᠦᠧᠧ᠂ ᠰᠡᠬᠦᠯ ᠤᠨ ᠵᠢᠯ ᠤᠳ ᠲᠤ ᠰᠤᠷᠭᠠᠭᠤᠯᠢ ᠶᠢᠨ ᠮᠣᠩᠭᠣᠯ ᠢᠶᠡᠷ ᠬᠢᠴᠢᠶᠡᠯᠯᠡᠬᠦ ᠰᠤᠷᠤᠭᠴᠢᠳ ᠤᠨ ᠳᠤᠭ᠎ᠠ ᠤᠯᠠᠮ ᠤᠯᠠᠰᠢᠷᠠᠵᠤ ᠪᠤᠢ᠂ ᠥᠨᠦ ᠵᠢᠯ ᠮᠡᠳᠡᠭᠳᠡᠮ᠎ᠠ ᠨᠡᠮᠡᠭᠳᠡᠭᠰᠡᠨ᠃ ᠰᠤᠷᠭᠠᠭᠤᠯᠢ ᠡᠴᠡ ᠮᠣᠩᠭᠣᠯ ᠦᠬᠡ ᠬᠡᠯᠡ ᠶᠢ ᠡᠵᠡᠮᠰᠢᠬᠦᠯᠵᠤ᠂ ᠮᠣᠩᠭᠣᠯ ᠰᠤᠶᠤᠯ ᠢᠶᠡᠨ ᠪᠠᠳᠠᠷᠠᠭᠤᠯᠬᠤ ᠪᠡᠷ ᠵᠢᠯ ᠪᠣᠯᠭᠠᠨ《ᠮᠣᠩᠭᠣᠯ ᠬᠡᠯᠡᠨ ᠤ ᠶᠠᠷᠢᠶ᠎ᠠ ᠢᠯᠡᠳᠭᠡᠯ ᠤᠨ ᠤᠷᠤᠯᠳᠤᠭᠠᠨ》᠂《ᠮᠣᠩᠭᠣᠯ ᠬᠡᠯᠡᠨ ᠤ ᠢᠷᠠᠭᠤ ᠨᠠᠶᠢᠷᠠᠭ ᠤᠨ ᠤᠷᠠᠨ ᠤᠩᠰᠢᠯᠭ᠎ᠠ ᠶᠢᠨ ᠤᠷᠤᠯᠳᠤᠭᠠᠨ》ᠵᠡᠷᠭᠡ ᠶᠢ ᠵᠣᠬᠢᠶᠠᠨ ᠪᠠᠶᠢᠭᠤᠯᠵᠤ ᠪᠠᠶᠢᠭ᠎ᠠ ᠮᠦᠷᠲᠡᠭᠡᠨ ᠰᠢᠶᠠᠨ ᠤ ᠵᠡᠷᠬᠡᠯᠡᠯ ᠤᠨ ᠱᠠᠩᠨᠠᠯ ᠭᠠᠷᠳᠠᠭᠰᠠᠨ ᠰᠤᠷᠤᠭᠴᠢ ᠪᠠᠰᠠ ᠪᠤᠢ᠃ ᠡᠬᠦᠨ ᠡᠴᠡ ᠭᠠᠳᠠᠨ᠎ᠠ᠂ ᠰᠤᠷᠭᠠᠭᠤᠯᠢ ᠶᠢᠨ ᠮᠣᠷᠢᠨ ᠬᠤᠭᠤᠷ ᠤᠨ ᠠᠩᠬᠢ ᠨᠢ ᠨᠢᠭᠡᠨᠲᠠ ᠠᠷᠪᠠᠭᠠᠳ ᠵᠢᠯ ᠤᠨ ᠲᠡᠤᠬᠡ ᠲᠠᠢ ᠪᠣᠯᠵᠠᠢ᠃ ᠳᠤᠰ ᠠᠩᠬᠢ ᠳᠤ ᠤᠳᠤ ᠵᠠᠭᠤ ᠭᠠᠷᠦᠢ ᠰᠤᠷᠤᠭᠴᠢ ᠲᠠᠢ᠃ ᠡᠨᠡ ᠨᠢ ᠮᠠᠨ ᠤ ᠰᠤᠷᠭᠠᠭᠤᠯᠢ ᠶᠢᠨ ᠮᠣᠨᠭᠭᠣᠯ ᠰᠤᠶᠤᠯ ᠢᠶᠡᠨ ᠭᠦᠭ᠍ᠵᠢᠭᠦᠯᠬᠦ ᠨᠢᠬᠡ ᠤᠨᠴᠠᠯᠢᠭ ᠪᠤᠯᠤᠭᠰᠠᠨ ᠪᠠᠶᠢᠨ᠎ᠠ ᠭᠡᠪᠡ᠃

    ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠡᠷ ᠪᠦᠲᠦᠭᠡᠨ ᠪᠠᠶᠢᠭᠤᠯᠵᠤ ᠪᠠᠶᠢᠭ᠎ᠠ ᠡᠨᠡ ᠡᠷᠡᠨ ᠳᠤ᠂ ᠳᠤᠰ ᠥᠪᠡᠷᠲᠡᠭᠡᠨ ᠵᠠᠰᠠᠬᠤ ᠰᠢᠶᠠᠨ ᠤ ᠬᠤᠪᠢ ᠳᠤ ᠨᠡᠩ ᠣᠯᠠᠨ ᠦᠷᠢᠰᠤᠯᠳᠤᠭᠡᠨ ᠪᠠ ᠰᠤᠷᠢᠯᠲᠠ ᠨᠢᠭᠤᠷᠯᠠᠵᠤ ᠪᠤᠢ᠃ ᠬᠡᠳᠦᠶᠢᠪᠡᠷ ᠳᠡᠶᠢᠮᠤ ᠪᠠᠶᠢᠯ᠎ᠠ ᠴᠤ᠂ ᠳᠤᠬᠠᠢ ᠶᠢᠨ ᠵᠠᠰᠠᠭ ᠤᠨ ᠤᠷᠳᠤᠨ᠂ ᠰᠤᠷᠭᠠᠭᠤᠯᠢ᠂ ᠨᠡᠶᠢᠬᠡᠮ ᠪᠦᠬᠦ ᠳᠠᠯ᠎ᠠ ᠪᠡᠷ ᠬᠠᠮᠵᠢᠯᠴᠠᠨ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠲᠤ ᠢᠳᠡᠪᠬᠢ ᠬᠦᠴᠦᠨ ᠵᠢᠳᠬᠦᠯ ᠨᠡᠮᠡᠷᠢᠯᠡᠬᠦ ᠪᠡᠷ ᠮᠡᠷᠡᠶᠢᠭᠰᠡᠬᠡᠷ᠋᠋ ᠁ (ᠰᠢᠨᠬᠤᠸᠠ ᠮᠤᠩᠭ᠋᠋ᠤᠯ ᠨᠧᠲ ᠤᠨ ᠰᠤᠷᠤᠶ᠎ᠠ᠂ ᠬ·ᠦᠵᠡᠰᠭᠦᠯᠡᠩ᠂ ᠡᠮᠦᠨᠡᠲᠦ ᠭᠤᠷᠯᠤᠰ ᠤᠨ ᠷᠠᠳᠢᠤ‍ ᠲᠧᠯᠸᠢᠰ ᠬᠤᠷᠢᠶᠠᠨ ᠤ ᠲᠦᠪᠰᠢᠨᠵᠢᠷᠭᠠᠯ ᠨᠠᠷ ᠮᠡᠲᠡᠭᠡᠯᠡᠪᠡ)

ᠢᠷᠡᠯᠳᠡ᠄ ᠰᠢᠨᠬᠣᠧᠠ ᠮᠣᠩᠭᠣᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119498016