蒙古文网站Logo
ᠰᠢᠨᠬᠤᠸᠠ ᠮᠤᠩᠭ᠋ᠤᠯ ᠨᠧᠲ

ᠭᠢᠷᠢᠨ ᠮᠤᠵᠢ ᠶᠢᠨ ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠮᠤᠷᠢᠨ ᠬᠤᠭᠤᠷ ᠤᠨ ᠰᠤᠶᠤᠯ ᠶᠢᠡᠨ ᠵᠠᠯᠭᠠᠮᠵᠢᠯᠠᠨ ᠬᠦᠭ᠍ᠵᠢᠬᠦᠯᠦᠨ᠎ᠡ

2016-09-07 11:30

    ᠰᠢᠨᠬᠤᠸᠠ ᠮᠤᠩᠭ᠋ᠤᠯ ᠨᠧᠲ  ᠬᠦᠬᠡᠬᠤᠲᠠ ᠶᠢᠨ 9 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ  ᠭᠣᠷᠯᠤᠰ ᠠᠠᠶᠢᠮᠠᠭ ᠡᠴᠡ ᠭᠤᠷᠯᠤᠰ ᠡᠮᠦᠨᠡᠲᠤ ᠬᠣᠰᠢᠭᠤ᠂ ᠲᠠᠬᠢᠨ ᠡᠮᠦᠨᠡᠲᠤ ᠭᠣᠷᠯᠤᠰ ᠤᠨ ᠮᠣᠩᠭᠣᠯ ᠦᠨᠳᠤᠰᠤᠲᠠᠨ ᠤ ᠥᠪᠡᠷᠲᠡᠭᠡᠨ ᠵᠠᠰᠠᠬᠤ ᠰᠢᠶᠠᠨ ᠪᠣᠯᠲᠠᠯ᠎ᠠ ᠂ ᠣᠷᠴᠢᠨ ᠦᠶ᠎ᠠ ᠶᠢᠨ ᠮᠣᠷᠢᠨ ᠬᠤᠭᠤᠷ ᠤᠨ ᠵᠢᠳᠭᠦᠯᠲᠠᠨ ᠴᠠᠩ ᠮᠢᠩ᠂ ᠴᠢᠩ ᠪᠤᠤ ᠡᠴᠡ ᠣᠳᠤᠬᠢ ᠠᠯᠲᠠ᠂ ᠭᠠᠷᠤᠳᠢ᠂ ᠪᠠᠶ ᠪᠠᠲᠤ ᠵᠡᠷᠭᠡ ᠦᠶ᠎ᠠ ᠦᠶ᠎ᠠ ᠶᠢᠨ ᠭᠤᠷᠯᠤᠰ ᠮᠤᠩᠭ᠋ᠤᠯᠴᠤᠳ ᠡᠴᠡ ᠮᠣᠷᠢᠨ ᠬᠤᠭᠤᠷ ᠶᠢᠡᠨ ᠤᠯᠠᠮᠵᠢᠯᠠᠨ ᠬᠦᠭ᠍ᠵᠢᠬᠦᠯᠦᠭᠰᠡᠭᠡᠷ ᠢᠷᠡᠵᠡᠢ᠃

    1997 ᠤᠨ ᠳᠤ ᠳᠤᠮᠳᠠᠳᠤ ᠤᠯᠤᠰ ᠤᠨ ᠮᠣᠷᠢᠨ ᠬᠤᠭᠤᠷ ᠤᠨ ᠨᠠᠶᠢᠭᠡᠮᠯᠢᠭ᠌ ᠤᠨ ᠭᠢᠷᠢᠨ ᠳ᠋ᠡᠬᠢ ᠰᠠᠯᠪᠤᠷᠢ ᠨᠠᠶᠢᠭᠡᠮᠯᠢᠭ᠌ ᠡᠮᠦᠨᠡᠲᠤ ᠭᠣᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠳ᠋ᠤ ᠪᠠᠶᠢᠭᠤᠯᠤᠭᠳᠠᠵᠡᠢ᠃ 2004 ᠣᠨ ᠳᠤ ᠤᠯᠤᠰ ᠲᠠᠶᠠᠭᠠᠷ ᠤᠨ ᠬᠠᠮᠤᠭ ᠤᠨ ᠠᠩᠬᠠᠨ ᠤ ᠮᠤᠷᠢᠨ ᠬᠤᠭᠤᠷ ᠤᠨ ᠲᠤᠰᠬᠠᠢ ᠮᠡᠷᠭᠡᠵᠢᠯ ᠤᠨ ᠨᠡᠢᠢᠭᠡᠮᠯᠢᠭ᠌ ᠪᠤᠯᠬᠤ ᠡᠮᠦᠨᠡᠲᠤ ᠭᠣᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠮᠣᠷᠢᠨ ᠬᠤᠭᠤᠷ ᠤᠨ ᠬᠦᠭ᠍ᠵᠢᠮ ᠤᠨ ᠪᠦᠯᠬᠦᠮ ᠪᠠᠶᠢᠭᠤᠯᠤᠭᠳᠠᠪᠠ᠃ ᠪᠠᠶᠢᠭᠤᠯᠤᠭᠳᠠᠭᠰᠠᠨ  ᠡᠴᠡ ᠨᠠᠭᠠᠰᠢ᠂ ᠺᠠᠨᠠᠳᠠ᠂ ᠺᠤᠷᠢᠶᠠ᠂ ᠤᠷᠤᠰ᠂ ᠶᠠᠫᠦᠨ᠂ ᠰᠢᠶᠠᠩᠭ᠋ᠠᠩ᠂ ᠲᠠᠶᠢᠸᠠᠨ ᠵᠡᠷᠭᠡ ᠲᠡᠯᠡᠬᠡᠢ ᠶᠢᠨ ᠤᠯᠠᠨ ᠤᠯᠤᠰ ᠤᠷᠤᠨ ᠢᠶᠡᠷ ᠬᠦᠷᠴᠦ 300 ᠭᠠᠷᠤᠢ ᠤᠲᠠᠭᠠᠨ ᠤ ᠮᠣᠷᠢᠨ ᠬᠤᠭᠤᠷ ᠤᠨ ᠲᠤᠰᠬᠠᠢ ᠲᠤᠭᠯᠠᠯᠲᠠ ᠭᠠᠷᠭᠠᠨ᠂ ᠲᠤᠬᠠᠢ ᠶᠢᠨ ᠤᠷᠤᠨ ᠤ ᠬᠦᠮᠦᠰ ᠤᠨ ᠬᠠᠯᠠᠭᠤᠨ ᠬᠦᠷᠢᠶᠡᠯᠡᠯ ᠢ ᠤᠯᠪᠠ᠃ 2006 ᠣᠨ ᠳᠤ᠂ 1199 ᠮᠣᠷᠢᠨ ᠬᠤᠭᠤᠷ ᠤᠨ ᠨᠠᠢᠢᠷᠠᠯ ᠬᠦᠭ᠍ᠵᠢᠮ ᠤᠨ ᠲᠤᠭᠯᠠᠯᠲᠠ ᠪᠡᠷ ᠠᠩᠬᠠᠲᠤᠭᠠᠷ ᠤᠲᠠᠭ᠎ᠠ ᠪᠠᠨ ᠭᠢᠨᠢᠰ ᠤᠨ ᠲᠡᠮᠲᠡᠭᠯᠡᠯ ᠢ ᠡᠭᠦᠳᠴᠦ᠂ᠳᠤᠮᠳᠠᠳᠤ ᠤᠯᠤᠰ ᠤᠨ ᠮᠣᠷᠢᠨ ᠬᠤᠭᠤᠷ ᠤᠨ ᠦᠯᠦᠭᠡᠢᠬᠡᠮᠡᠨ ᠨᠡᠷᠡᠢᠢᠲᠦᠭᠲᠡᠭᠰᠡᠨ ᠪᠤᠯ 2008 ᠤᠨ ᠳ᠋ᠤ ᠮᠤᠷᠢᠨ ᠬᠤᠭᠤᠷ ᠶᠢᠡᠨ ᠤᠯᠤᠰ ᠤᠨ ᠪᠡᠶᠡᠲᠦ ᠪᠤᠰᠤ ᠰᠤᠶᠤᠯ ᠤᠨ ᠦᠪ ᠶᠢᠡᠷ ᠪᠦᠷᠢᠳᠭᠡᠬᠦᠯᠵᠦ᠂ 2008 ᠮᠤᠷᠢᠨ ᠬᠤᠭᠤᠷᠴᠢᠳ ᠤᠨ ᠨᠠᠢᠢᠷᠠᠯ ᠬᠦᠭ᠍ᠵᠢᠮ ᠶᠢᠡᠷ ᠭᠢᠨᠢᠰ ᠤᠨ ᠲᠡᠮᠲᠡᠭᠯᠡᠯ ᠢ ᠲᠠᠬᠢᠨᠲᠠ ᠰᠢᠨᠡᠳᠭᠡᠪᠡ᠃

    ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠴᠠᠭᠠᠨᠬᠤᠸᠠ ᠮᠤᠩᠭ᠋ᠤᠯ ᠦᠨᠳᠦᠰᠦᠲᠡᠨ ᠤ ᠭᠤᠤᠯ ᠪᠠᠭ᠎ᠠ ᠰᠤᠷᠭᠠᠭᠤᠯᠢ ᠶᠢᠨ ᠵᠠᠬᠢᠷᠤᠯ ᠪᠠᠢ ᠪᠠᠲᠤᠮᠠᠨ ᠤ ᠰᠤᠷᠭᠠᠭᠤᠯᠢ ᠮᠤᠷᠢᠨ ᠬᠤᠭᠤᠷ ᠶᠢᠡᠨ ᠤᠯᠠᠮᠵᠢᠯᠠᠨ ᠵᠠᠯᠭᠠᠮᠵᠢᠯᠠᠵᠤ᠂ ᠰᠤᠷᠭᠠᠨ ᠬᠦᠮᠦᠵᠢᠬᠦᠯᠬᠦ ᠠᠵᠢᠯ ᠢ 1997 ᠤᠨ ᠡᠴᠡ ᠭᠠᠷᠲᠠᠨ ᠡᠬᠢᠯᠡᠬᠦᠯᠵᠡᠢ᠃ 1998 ᠤᠨ ᠳ᠋ᠤ ᠰᠢᠶᠠᠨ ᠤ ᠵᠠᠰᠠᠭ ᠤᠨ ᠤᠷᠲᠤᠨ ᠡᠴᠡ ᠮᠠᠨ ᠤ ᠰᠤᠷᠭᠠᠭᠤᠯᠢ ᠳ᠋ᠤ 10 ᠮᠤᠷᠢᠨ ᠬᠤᠭᠤᠷ ᠲᠦᠯᠦᠪᠦᠷᠢ ᠦᠭᠡᠢ ᠪᠡᠷ ᠬᠦᠷᠭᠡᠵᠦ᠂ ᠡᠭᠦᠨ ᠤ ᠰᠠᠭᠤᠷᠢᠨ ᠳ᠋ᠤ ᠰᠤᠷᠭᠠᠭᠤᠯᠢ ᠶᠢᠨ ᠮᠤᠷᠢᠨ ᠬᠤᠭᠤᠷ ᠤᠨ ᠬᠦᠭ᠍ᠵᠢᠮ ᠤᠨ ᠠᠩᠬᠢ ᠶᠢ ᠪᠠᠢᠢᠭᠤᠯᠵᠤ᠂ ᠤᠯᠠᠨ ᠤᠲᠠᠭ᠎ᠠ ᠱᠠᠩᠨᠠᠯ ᠬᠦᠷᠲᠡᠵᠦ ᠶᠠᠪᠤᠭᠰᠠᠨ ᠶᠤᠮ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠬᠠᠯᠠᠭᠤᠨ ᠲᠡᠮᠵᠢᠯᠭᠡ ᠪᠠ ᠦᠷᠭᠡᠨ ᠤᠯᠠᠨ ᠭᠡᠷ ᠤᠨ ᠠᠬᠠᠮᠠᠳ ᠤᠨ ᠲᠠᠨᠢᠯᠲᠠ ᠲᠡᠭᠡᠭ᠍ᠰᠢᠯᠡᠭᠰᠡᠨ ᠶᠢᠡᠷ ᠤᠲᠤᠬᠠᠨ ᠳ᠋ᠤ ᠮᠤᠷᠢᠨ ᠬᠤᠭᠤᠷ ᠤᠨ ᠠᠩᠬᠢ ᠶᠢᠨ ᠰᠤᠷᠤᠭᠴᠢ ᠶᠢᠨ ᠲᠤᠭ᠎ᠠ 300 ᠳ᠋ᠤ ᠬᠦᠷᠴᠦ᠂ ᠮᠤᠷᠢᠨ ᠬᠤᠭᠤᠷ 400 ᠪᠤᠯᠵᠤ ᠪᠠᠢᠢᠨ᠎ᠠᠭᠡᠵᠦ ᠪᠠᠶᠠᠷᠲᠠᠢᠢᠬᠠᠨ ᠶᠠᠷᠢᠨ᠎ᠠ᠃ 

    ᠡᠮᠦᠨᠡᠲᠤ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠨᠠᠮ ᠤᠨ ᠬᠣᠷᠢᠶ᠎ᠠ᠂ ᠵᠠᠰᠠᠭ ᠤᠨ ᠤᠷᠲᠤᠨ ᠡᠴᠡ ᠮᠣᠷᠢᠨ ᠬᠤᠭᠤᠷ ᠤᠨ ᠰᠤᠶᠤᠯ ᠢᠶᠡᠨ ᠵᠠᠯᠭᠠᠮᠵᠢᠯᠠᠨ ᠬᠦᠭ᠍ᠵᠢᠬᠦᠯᠬᠦ ᠪᠡᠷ ᠮᠣᠷᠢᠨ ᠬᠤᠭᠤᠷ ᠤᠨ ᠵᠢᠭᠠᠨ ᠰᠤᠷᠭᠠᠯᠲᠠ ᠶᠢᠨ ᠠᠵᠢᠯ ᠢ ᠢᠳᠡᠪᠬᠢᠲᠠᠢ ᠦᠷᠨᠢᠭᠦᠯᠵᠦ ᠪᠤᠢ᠃ ᠤᠳᠤᠬᠠᠨ ᠳᠤ᠂ ᠪᠦᠬᠦ ᠰᠢᠶᠠᠨ ᠤ 43 ᠳᠤᠮᠳᠠᠳᠤ ᠪᠠᠭ᠎ᠠ ᠰᠤᠷᠭᠠᠭᠤᠯᠢ ᠮᠣᠷᠢᠨ ᠬᠤᠭᠤᠷ ᠤᠨ ᠲᠤᠰᠬᠠᠢ ᠮᠡᠷᠭᠡᠵᠢᠯ ᠤᠨ ᠬᠢᠴᠢᠶᠠᠯ ᠨᠡᠭᠡᠭᠡᠵᠤ᠂ 50 ᠮᠣᠷᠢᠨ ᠬᠤᠭᠤᠷ ᠤᠨ ᠪᠠᠭᠰᠢ᠂ ᠪᠤᠯᠪᠠᠰᠤᠷᠠᠯ ᠳ᠋ᠤ ᠤᠷᠤᠯᠴᠠᠵᠤ ᠪᠠᠢᠢᠭ᠎ᠠ ᠰᠤᠷᠤᠭᠴᠢ ᠶᠢᠨ ᠲᠤᠭ᠎ᠠ 3200 ᠬᠦᠷᠴᠦ ᠪᠠᠢᠢᠨ᠎ᠠ᠃ ᠤᠨᠴᠠᠭᠠᠢᠢᠯᠠᠨ ᠲᠤᠷᠠᠲᠤᠭᠤᠰᠢᠲᠠᠢ ᠨᠢ ᠬᠢᠷᠢᠨ  ᠤ ᠤᠷᠠᠯᠢᠭ ᠤᠨ ᠳᠡᠭᠡᠲᠤ ᠰᠣᠷᠭᠠᠭᠤᠯᠢ ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠮᠤᠷᠢᠨ ᠬᠤᠭᠤᠷ ᠤᠨ ᠤᠯᠠᠮᠵᠢᠯᠠᠯ ᠬᠦᠭ᠍ᠵᠢᠬᠦᠯᠦᠯ ᠳ᠋ᠤ ᠲᠤᠰᠬᠠᠢᠢᠯᠠᠨ ᠮᠣᠷᠢᠨ ᠬᠤᠭᠤᠷ ᠤᠨ ᠲᠤᠰᠬᠠᠢ ᠮᠡᠷᠭᠡᠵᠢᠯ ᠨᠡᠬᠡᠬᠡᠵᠡᠢ᠃

    ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠮᠤᠷᠢᠨ ᠬᠤᠭᠤᠷ ᠢ ᠤᠯᠠᠮᠵᠢᠯᠠᠨ ᠬᠦᠭ᠍ᠵᠢᠬᠦᠯᠬᠦ ᠡᠴᠡ ᠰᠤᠲᠤᠯᠤᠨ ᠰᠢᠨᠡᠴᠢᠯᠡᠬᠦ ᠲᠠᠯ᠎ᠠ ᠪᠡᠷ ᠴᠦ ᠠᠩᠬᠠᠷᠤᠯ ᠲᠠᠯᠪᠢᠵᠤ ᠪᠤᠢ᠃ ᠮᠤᠷᠢᠨ ᠬᠤᠭᠤᠷ ᠵᠤᠬᠢᠶᠠᠬᠤ ᠨᠢ ᠬᠡᠪᠴᠢᠶᠠᠵᠢᠶᠠᠭ᠍ᠰᠡᠨ ᠰᠢᠰᠲ᠋ᠧᠮ ᠲᠠᠢ ᠪᠤᠯᠵᠠᠢ᠃ ᠪᠦᠬᠦ ᠰᠢᠶᠠᠨ ᠤ ᠮᠤᠷᠢᠨ ᠬᠤᠭᠤᠷ ᠵᠤᠬᠢᠶᠠᠬᠤ ᠦᠢᠯᠡᠳᠪᠦᠷᠢ 5 ᠪᠤᠯᠵᠤ᠂ ᠲᠤᠬᠠᠢᠢᠯᠠᠭᠰᠠᠨ ᠠᠵᠢᠯ ᠤᠨ ᠬᠦᠮᠦᠰ 30 ᠬᠦᠷᠴᠦ᠂ ᠮᠤᠷᠢᠨ ᠬᠤᠭᠤᠷ ᠤᠨ ᠲᠤᠰᠬᠠᠢ ᠬᠤᠲᠠᠯᠲᠤᠭᠠᠴᠢᠨ 4 ᠪᠤᠯᠪᠠ᠃ ( ᠰᠢᠨᠬᠤᠸᠠ ᠮᠤᠩᠭ᠋ᠤᠯ ᠨᠧᠲ ᠤᠨ ᠰᠤᠷᠤᠶ᠎ᠠ᠂ ᠬ·ᠦᠵᠡᠰᠭᠦᠯᠡᠩ᠂ ᠡᠮᠦᠨᠡᠲᠦ ᠭᠤᠷᠯᠤᠰ ᠤᠨ ᠷᠠᠳᠢᠣ᠋᠋ ᠲᠧᠯᠸᠢᠰ ᠬᠤᠷᠢᠶᠠᠨ ᠤ ᠲᠦᠪᠰᠢᠨᠵᠢᠷᠭᠠᠯ ᠮᠡᠲᠡᠭᠡᠯᠡᠪᠡ )

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119525304