蒙古文网站Logo
ᠰᠢᠨᠬᠤᠸᠠ ᠮᠤᠩᠭ᠋ᠤᠯ ᠨᠧᠲ

ᠠᠷᠠᠳ ᠤᠨ ᠠᠮᠢᠲᠤᠷᠠᠯ ᠢ ᠲᠡᠭᠡᠭ᠍ᠰᠢᠯᠡᠭᠦᠯᠵᠦ ᠦᠵᠡᠰᠭᠦᠯᠡᠩᠲᠦ ᠰᠠᠢᠢᠬᠠᠨ ᠡᠮᠦᠨᠡᠲᠦ ᠭᠤᠷᠯᠤᠰ ᠢ ᠪᠦᠲᠦᠭᠡᠨ ᠪᠠᠢᠢᠭᠤᠯᠤᠨᠠᠮ

2016-09-07 12:51

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 9 ᠰᠠᠷ᠎ᠠ ᠶᠢᠨ 5 ᠤ ᠡᠲᠦᠷ ᠤᠨ ᠴᠠᠬᠢᠯᠭᠠᠨ ᠮᠡᠲᠡᠭᠡ ᠤᠢᠢᠷ᠎ᠠ ᠶᠢᠨ ᠭᠤᠷᠪᠠᠨ ᠵᠢᠯ ᠡᠴᠨ ᠨᠠᠭᠠᠰᠢ᠂ ᠪᠠᠢᠢᠭᠠᠯᠢ ᠶᠢᠨ ᠭᠠᠮᠰᠢᠭ᠂ ᠲᠦᠬᠦᠬᠡᠢ ᠲᠤᠰᠤᠨ ᠤ ᠦᠨ᠎ᠡ ᠶᠢᠨ ᠲᠤᠩᠰᠤᠯᠤᠯᠲᠠ ᠵᠡᠷᠭᠡ ᠲᠤᠯᠭᠠᠮ᠎ᠠ ᠠᠰᠠᠭᠤᠲᠠᠯ ᠤᠨ ᠡᠮᠦᠨ᠎ᠡ ᠭᠢᠷᠢᠨ ᠮᠤᠵᠢ ᠶᠢᠨ ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠠᠷᠠᠳ ᠲᠤ ᠠᠰᠢᠭᠲᠠᠢ᠂ ᠠᠷᠠᠳ ᠤᠨ ᠠᠮᠢᠲᠤᠷᠠᠯ ᠢ ᠲᠡᠭᠡᠭ᠍ᠰᠢᠯᠡᠬᠦᠯᠬᠦ ᠪᠦᠲᠦᠮᠵᠢᠲᠡᠢ ᠠᠷᠭ᠎ᠠ ᠬᠡᠮᠵᠢᠶ᠎ᠠ ᠠᠪᠤᠭᠰᠠᠨ ᠶᠢᠡᠷ ᠠᠷᠠᠳ ᠤᠨ ᠠᠮᠢᠲᠤᠷᠠᠯ ᠢᠯᠡᠳᠲᠡ ᠲᠡᠭᠡᠭ᠍ᠰᠢᠯᠡᠵᠡᠢ᠃

    ᠭᠠᠮᠰᠢᠭᠲᠠᠭᠰᠠᠨ ᠤᠯᠠᠨ ᠲᠦᠮᠡᠨ ᠤ ᠨᠤᠲᠤᠭ ᠤᠰᠤ ᠶᠢ ᠲᠠᠬᠢᠨ ᠰᠡᠷᠭᠦᠭᠡᠨ ᠪᠠᠢᠢᠭᠤᠯᠪᠠ

    2013 ᠤᠨ ᠪᠤᠯ ᠵᠢᠷ ᠤᠨ ᠪᠤᠰᠤ ᠨᠢᠭᠡᠨ ᠵᠢᠯ᠃ ᠡᠮᠦᠨᠡᠲᠦ ᠭᠤᠷᠯᠤᠰ ᠰᠢᠶᠠᠨ ᠤ ᠴᠠᠭᠠᠨᠬᠤᠸᠠ ᠪᠠᠯᠭᠠᠰᠤᠨ ᠳ᠋ᠤ ᠬᠤᠪᠤᠷ ᠲᠤᠬᠢᠶᠠᠯᠲᠤᠲᠠᠭ 《ᠭᠠᠵᠠᠷ ᠬᠦᠲᠡᠯᠦᠯᠲᠡ ᠶᠢᠨ ᠪᠦᠭᠡᠮ》ᠡᠭᠦᠰᠴᠦ᠂ ᠪᠦᠬᠦ ᠰᠢᠶᠠᠨ ᠤ 14.6 ᠲᠦᠮᠡᠨ ᠬᠦᠮᠦᠨ ᠭᠠᠮᠰᠢᠭ ᠲᠤ ᠤᠴᠠᠷᠠᠵᠤ᠂ 43000 ᠭᠡᠷ ᠪᠠᠢᠢᠰᠢᠩ ᠨᠡᠢᠢᠲᠡ ᠶᠢᠨ ᠲᠡᠳ᠋ ᠪᠦᠲᠦᠴᠡ ᠬᠤᠬᠢᠷᠠᠵᠤ᠂ ᠡᠳ᠋ ᠤᠨ ᠵᠠᠰᠠᠭ ᠤᠨ ᠰᠢᠭᠤᠳ ᠬᠤᠬᠢᠷᠠᠯ 12.8 ᠳ᠋ᠦᠩᠰᠢᠭᠤᠷ ᠲᠦᠭᠦᠷᠢᠭ᠌ ᠲᠤ ᠬᠦᠷᠪᠡ᠃ ᠭᠠᠮᠰᠢᠭ ᠤᠨ ᠡᠮᠦᠨ᠎ᠡ ᠡᠮᠦᠨᠡᠲᠦ ᠭᠤᠷᠯᠤᠰ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠨᠡᠢᠢᠭᠡᠮ ᠨᠡᠢᠢᠲᠡ ᠶᠢᠨ ᠡᠯ᠎ᠡ ᠡᠲᠡᠭᠡᠳ ᠤᠨ ᠬᠠᠯᠠᠭᠤᠨ ᠲᠡᠮᠵᠢᠯᠭᠡ ᠲᠠᠢ ᠪᠡᠷ ᠨᠠᠮ ᠤᠨ ᠭᠡᠰᠢᠭᠦᠨ᠂ ᠺᠠᠳ᠋ᠷ ᠤᠯᠠᠨ ᠲᠦᠮᠡᠨ ᠶᠢᠡᠨ ᠲᠠᠢᠢᠴᠢᠯᠠᠨ 4.5 ᠲᠦᠮᠡᠨ ᠬᠦᠮᠦᠨ ᠢ ᠨᠡᠭᠦᠯᠭᠡᠨ ᠰᠢᠯᠵᠢᠬᠦᠯᠵᠦ᠂ 2880 ᠲᠦᠷ ᠰᠠᠭᠤᠷᠢᠰᠢᠭᠤᠯᠬᠤ ᠭᠡᠷ ᠪᠠᠷᠢᠵᠤ᠂ D ᠵᠡᠷᠭᠡᠯᠡᠯ ᠤᠨ ᠠᠶᠤᠯᠲᠠᠢ 1.2 ᠲᠦᠮᠡᠨ ᠭᠡᠷ ᠪᠠᠢᠢᠰᠢᠩ ᠢ ᠨᠤᠷᠠᠭᠠ᠂ ᠲᠤᠬᠠᠢ ᠶᠢᠨ ᠵᠢᠯ ᠳ᠋ᠡᠭᠡᠨ 5.9 ᠲᠦᠮᠡᠨ ᠲᠤᠨ ᠠᠮᠤ ᠲᠠᠷᠢᠶ᠎ᠠ ᠬᠦᠮᠦᠷᠭᠡᠯᠡᠭᠰᠡᠨ ᠭᠠᠢᠢᠬᠠᠮᠰᠢᠭ ᠢ ᠡᠭᠦᠳᠪᠡ᠃

    ᠤᠲᠤ ᠭᠠᠵᠠᠷ ᠬᠦᠲᠡᠯᠦᠯᠲᠡ ᠡᠭᠦᠰᠦᠭᠰᠡᠨ ᠲᠤᠬᠠᠢ ᠶᠢᠨ ᠨᠤᠲᠤᠭ ᠲᠤ ᠤᠰᠤ ᠴᠠᠬᠢᠯᠭᠠᠨ ᠨᠡᠪᠲᠡᠷᠡᠵᠦ᠂ ᠰᠠᠭᠤᠬᠤ ᠡᠴᠡ ᠰᠢᠨ᠎ᠡ ᠤᠷᠤᠨ ᠰᠠᠭᠤᠴᠠ ᠲᠠᠢ᠂ ᠲᠤᠪᠲᠤᠯᠬᠤ ᠡᠴᠡ ᠰᠠᠷᠠᠭᠤᠯ ᠲᠠᠷᠲᠠᠩ ᠵᠠᠮ ᠲᠠᠢ᠂ ᠦᠵᠡᠬᠦ ᠡᠴᠡ ᠴᠡᠪᠡᠷ ᠴᠡᠮᠴᠡᠭᠡᠷ ᠬᠦᠷᠢᠶ᠎ᠠ ᠬᠠᠰᠢᠶ᠎ᠠ ᠲᠠᠢ ᠪᠤᠯᠵᠤ᠂ ᠤᠯᠠᠨ ᠲᠦᠮᠡᠨ ᠵᠢᠷᠭᠠᠯᠲᠤ ᠠᠮᠢᠲᠤᠷᠠᠯ ᠶᠢᠡᠨ ᠴᠤᠭᠴᠠᠯᠠᠨ ᠪᠠᠢᠢᠭᠤᠯᠤᠨ᠎ᠠ᠃

    ᠨᠠᠰᠤᠵᠢᠯ ᠤᠨ ᠲᠠᠭᠠᠳᠬᠠᠯ ᠤᠨ ᠰᠢᠰᠲ᠋ᠸᠮ ᠲᠡᠭᠦᠯᠲᠡᠷᠵᠢᠪᠡ

    ᠡᠮᠦᠨᠡᠲᠦ ᠭᠤᠷᠯᠤᠰ ᠤᠨ ᠮᠤᠩᠭ᠋ᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ《ᠵᠠᠰᠠᠭ ᠤᠨ ᠤᠷᠲᠤᠨ ᠬᠦᠷᠦᠩᠭᠡ ᠤᠷᠤᠭᠤᠯᠤᠨ ᠦᠢᠯᠡᠴᠢᠯᠡᠭᠡ ᠬᠤᠲᠠᠯᠲᠤᠭᠠᠯᠠᠨ ᠠᠪᠬᠤ᠂ ᠨᠡᠢᠢᠭᠡᠮ ᠤᠨ ᠵᠤᠬᠢᠶᠠᠨ ᠪᠠᠢᠢᠭᠤᠯᠤᠯᠲᠠ ᠡᠴᠡ ᠦᠢᠯᠡᠴᠢᠯᠡᠬᠡ ᠬᠠᠩᠭ᠋ᠠᠬᠤ᠂ ᠰᠢᠶᠠᠩ ᠪᠠᠯᠭᠠᠰᠤᠨ ᠤ ᠨᠡᠢᠢᠭᠡᠮ ᠬᠤᠷᠢᠶᠠᠯᠠᠯ ᠦᠢᠯᠡᠴᠢᠯᠡᠭᠡ ᠳ᠋ᠤ ᠤᠷᠤᠯᠴᠠᠬᠤ᠂ ᠠᠷᠠᠳ ᠤᠨ ᠶᠠᠪᠤᠲᠠᠯ ᠤᠨ ᠰᠠᠯᠠᠭ᠎ᠠ ᠮᠦᠴᠢᠷ ᠡᠴᠡ ᠬᠢᠨᠠᠯᠲᠠ ᠲᠠᠯᠪᠢᠬᠤ》ᠵᠠᠷᠴᠢᠮ ᠤᠨ ᠲᠠᠭᠠᠤ᠂ 65 ᠨᠠᠰᠤᠨ ᠡᠴᠡ ᠲᠡᠭᠡᠭ᠍ᠰᠢᠬᠢ ᠠᠮᠢᠲᠤᠷᠠᠯ ᠬᠦᠴᠢᠷᠲᠡᠢ᠂ ᠭᠤᠨᠢ ᠪᠡᠶ᠎ᠡ ᠨᠠᠰᠤᠲᠠᠢᠢᠴᠤᠳ ᠢ ᠲᠤᠰᠬᠠᠢ ᠬᠠᠷᠠᠵᠤ ᠬᠠᠷᠠᠭᠠᠯᠵᠠᠵᠤ ᠪᠤᠢ᠃ 2016 ᠤᠨ ᠪᠤᠯᠬᠤ ᠳ᠋ᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ 300 ᠭᠠᠷᠤᠢ ᠲᠦᠮᠡᠨ ᠲᠦᠭᠦᠷᠢᠭ᠌ ᠤᠨ ᠬᠦᠷᠦᠩᠭᠡ ᠤᠷᠤᠭᠤᠯᠵᠤ᠂ 9 ᠬᠤᠷᠢᠶᠠᠯᠠᠯ ᠤᠨ ᠦᠲᠡᠭᠦᠰ ᠢ ᠠᠰᠠᠷᠠᠬᠤ ᠭᠠᠵᠠᠷ ᠤᠨ ᠲᠡᠳ᠋ ᠪᠦᠲᠦᠴᠡ ᠶᠢ ᠰᠠᠢᠢᠵᠢᠷᠠᠭᠤᠯᠤᠭᠰᠠᠨ ᠶᠢᠡᠷ᠂ ᠬᠤᠲᠠ ᠲᠤᠭᠤᠷᠢᠭ ᠤᠨ 113 ᠡᠷᠦᠬᠡ ᠶᠢᠨ 182 ᠨᠠᠰᠤᠲᠠᠢᠢᠴᠤᠳ ᠠᠰᠢᠭ ᠬᠦᠷᠲᠡᠵᠦ᠂ ᠭᠢᠷᠢᠨ ᠮᠤᠵᠢ ᠶᠢᠨ ᠦᠲᠡᠭᠦᠰ ᠢ ᠠᠰᠠᠷᠠᠬᠤ ᠰᠢᠨ᠎ᠡ ᠬᠡᠪ ᠵᠠᠭᠪᠤᠷ ᠢ ᠪᠤᠢ ᠪᠤᠯᠭᠠᠪᠠ᠃ 2016 ᠤᠨ ᠳ᠋ᠤ ᠬᠤᠲᠠ ᠪᠠ ᠬᠦᠲᠡᠭᠡ ᠶᠢᠨ ᠲᠤᠤᠷ᠎ᠠ ᠪᠠᠲᠤᠯᠠᠭᠠᠲᠤ ᠡᠷᠦᠬᠡ ᠶᠢᠨ ᠪᠠᠷᠢᠮᠵᠢᠶ᠎ᠠ ᠲᠤᠰᠪᠦᠷᠢ 344 ᠲᠦᠭᠦᠷᠢᠭ᠌ ᠪᠠ 2310 ᠲᠦᠭᠦᠷᠢᠭ᠌ ᠪᠤᠯᠪᠠ᠃ ᠬᠤᠲᠠ ᠬᠦᠲᠡᠭᠡ ᠶᠢᠨ ᠨᠠᠰᠤᠵᠢᠯ ᠤᠨ ᠲᠠᠭᠠᠳᠬᠠᠯ ᠳ᠋ᠤ ᠤᠷᠤᠯᠴᠠᠭᠰᠠᠨ ᠬᠦᠮᠦᠨ ᠤ ᠲᠤᠭ᠎ᠠ 24.7 ᠲᠦᠮᠨ  ᠳ᠋ᠤ ᠬᠦᠷᠪᠡ᠃ ᠬᠤᠲᠠ ᠬᠦᠲᠡᠭᠡ ᠶᠢᠨ ᠪᠠᠢᠢᠩᠭ᠋ᠤ ᠶᠢᠨ ᠰᠠᠭᠤᠭᠠᠯᠢ ᠬᠦᠮᠦᠨ ᠠᠮᠠ ᠶᠢᠨ ᠤᠷᠤᠯᠭ᠎ᠠ 27500 ᠲᠦᠭᠦᠷᠢᠭ᠌ ᠪᠠ 12200 ᠲᠦᠭᠦᠷᠢᠭ᠌ ᠬᠦᠷᠪᠡ᠃

    ᠠᠵᠢᠯ ᠤᠯᠭᠤᠯᠲᠠ ᠪᠡᠷ ᠶᠠᠲᠠᠭᠤ ᠪᠡᠷ ᠲᠡᠳᠭᠦᠪᠡ

    ᠡᠮᠦᠨᠡᠲᠦ ᠭᠤᠷᠯᠤᠰ ᠰᠢᠶᠠᠨ《ᠪᠦᠬᠦ ᠢᠷᠭᠡᠳ ᠤᠨ ᠦᠢᠯᠡᠰ ᠪᠤᠰᠬᠠᠯᠲᠠ ᠪᠡᠷ ᠠᠵᠢᠯ ᠤᠯᠭᠤᠯᠲᠠ ᠶᠢ ᠲᠠᠢᠢᠴᠢᠯᠠᠬᠤ》᠂《ᠤᠷᠢᠨ ᠬᠠᠪᠤᠷ ᠤᠨ ᠤᠶᠠᠬᠠᠨ ᠰᠠᠯᠬᠢ ᠠᠵᠢᠯᠯᠠᠭ᠎ᠠ》᠂《 ᠠᠵᠢᠯ ᠤᠯᠭᠤᠯᠲᠠ ᠶᠢᠨ ᠲᠤᠰᠬᠠᠢ ᠹᠤᠷᠤᠢᠮ》ᠵᠡᠷᠭᠡ ᠠᠵᠢᠯᠯᠠᠭ᠎ᠠ ᠪᠡᠷ ᠠᠵᠢᠯ ᠤᠯᠭᠤᠯᠲᠠ ᠶᠢ ᠠᠬᠢᠭᠤᠯᠵᠤ᠂ ᠶᠠᠲᠠᠭᠤ ᠶᠢ ᠲᠡᠳᠭᠦᠵᠦ᠂ ᠨᠡᠬᠡᠬᠡᠨ ᠬᠦᠭ᠍ᠵᠢᠬᠦᠯᠬᠦ ᠠᠵᠢᠯ ᠢ ᠠᠬᠢᠭᠤᠯᠵᠤ ᠪᠠᠢᠢᠨ᠎ᠠ᠃

    2016 ᠤᠨ ᠳ᠋ᠤ ᠬᠤᠲᠠ ᠪᠠᠯᠭᠠᠰᠤ ᠶᠢᠨ 7600 ᠬᠦᠮᠦᠨ ᠳ᠋ᠤ ᠰᠢᠨ᠎ᠠ ᠪᠡᠷ ᠠᠵᠢᠯ ᠤᠯᠭᠤᠬᠤ ᠪᠡᠷ ᠲᠦᠰᠦᠭᠡᠯᠡᠵᠦ ᠪᠤᠢ᠃ ᠡᠭᠦᠨ ᠡᠴᠡ ᠭᠠᠲᠠᠨ᠎ᠠ᠂ ᠲᠦᠷᠦ ᠶᠢᠨ ᠪᠤᠲᠤᠯᠭ᠎ᠠ᠂ ᠮᠡᠲᠡᠯᠭᠡ ᠮᠡᠷᠭᠡᠵᠢᠯ ᠢ ᠲᠦᠭᠡᠮᠡᠯᠵᠢᠬᠦᠯᠬᠦ᠂ ᠪᠠᠭ᠎ᠠ ᠬᠡᠮᠵᠢᠶᠠᠨ ᠤ ᠢᠲᠡᠭᠡᠮᠵᠢᠲᠦ ᠵᠢᠭᠡᠯᠡᠯᠭᠡ ᠲᠠᠷᠬᠠᠭᠠᠬᠤ ᠵᠡᠷᠭᠡ ᠠᠷᠭ᠎ᠠ ᠬᠡᠮᠵᠢᠶ᠎ᠠ ᠠᠪᠴᠤ ᠤᠨᠢᠨ ᠲᠡᠭᠡᠷ᠎ᠡ ᠨᠢ ᠶᠠᠲᠠᠭᠤ ᠶᠢ ᠲᠡᠳᠭᠦᠵᠦ ᠪᠠᠢᠢᠨ᠎ᠠ᠃

    ᠬᠤᠲᠠ ᠬᠦᠲᠡᠭᠡ ᠶᠢᠨ ᠪᠦᠲᠦᠭᠡᠨ ᠪᠠᠢᠢᠭᠤᠯᠤᠯᠲᠠ ᠶᠢ ᠠᠬᠢᠭᠤᠯᠪᠠ

    ᠰᠡᠭᠦᠯ ᠤᠨ ᠦᠶ᠎ᠠ ᠳ᠋ᠤ᠂ ᠦᠵᠡᠰᠭᠦᠯᠡᠩᠲᠦ ᠰᠠᠢᠢᠬᠠᠨ᠂ ᠵᠤᠯ ᠵᠢᠷᠭᠠᠯᠲᠤ ᠡᠮᠦᠨᠡᠲᠦ ᠭᠤᠷᠯᠤᠰ ᠢ ᠪᠦᠲᠦᠭᠡᠨ ᠪᠠᠢᠢᠭᠤᠯᠬᠤ ᠬᠠᠷᠠᠯᠲᠠ ᠶᠢᠨ ᠲᠠᠭᠠᠤ ᠬᠤᠲᠠ ᠬᠦᠲᠡᠭᠡ ᠶᠢᠨ 35 ᠵᠠᠮ ᠢ ᠰᠢᠨ᠎ᠡ ᠪᠡᠷ ᠲᠡᠪᠢᠰᠦᠭ᠍ᠰᠡᠨ ᠪᠤᠶᠤ ᠲᠠᠬᠢᠨ ᠬᠠᠲᠠᠭᠤᠷᠠᠭᠤᠯᠵᠤ᠂ 7.8 ᠳ᠋ᠦᠩᠰᠢᠭᠤᠷ ᠲᠦᠭᠦᠷᠢᠭ᠌ ᠤᠨ ᠬᠦᠷᠦᠩᠭᠡ ᠤᠷᠤᠭᠤᠯᠵᠤ᠂ ᠴᠠᠭᠠᠨ ᠨᠠᠭᠤᠷ ᠨᠢᠰᠬᠦ ᠤᠩᠭ᠋ᠤᠴᠠᠨ ᠤ ᠪᠠᠭᠤᠲᠠᠯ ᠢ ᠪᠠᠢᠢᠭᠤᠯᠬᠤ ᠪᠡᠷ ᠪᠠᠷᠢᠯᠭ᠎ᠠ ᠡᠬᠢᠯᠡᠭᠦᠯᠪᠡ᠃

    ᠬᠤᠲᠠ ᠲᠤᠭᠤᠷᠢᠭ ᠤᠨ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠡᠦᠬᠡᠳ ᠤᠨ ᠰᠤᠷᠭᠠᠭᠤᠯᠢ ᠳ᠋ᠤ ᠤᠷᠤᠬᠤ ᠠᠰᠠᠭᠤᠲᠠᠯ ᠢ ᠴᠢᠬᠤᠯᠠᠴᠢᠯᠠᠨ ᠦᠵᠡᠵᠦ᠂ 1.9 ᠳ᠋ᠦᠩᠰᠢᠭᠤᠷ ᠲᠦᠭᠦᠷᠢᠭ᠌ ᠤᠨ ᠬᠦᠷᠦᠩᠭᠡ ᠤᠷᠤᠭᠤᠯᠵᠤ ᠬᠠᠲᠠ ᠪᠠᠭ᠎ᠠ ᠰᠤᠷᠭᠠᠭᠤᠯᠢ ᠶᠢ ᠪᠠᠢᠢᠭᠤᠯᠵᠤ᠂ ᠭᠢᠷᠢᠨ ᠮᠤᠵᠢ ᠶᠢᠨ ᠠᠳᠠᠯᠢ ᠱᠠᠲᠤᠨ ᠤ ᠰᠤᠷᠭᠠᠭᠤᠯᠢ ᠶᠢᠨ ᠲᠡᠷᠢᠭᠦᠨ ᠡᠩᠨᠡᠭᠡᠨ ᠳ᠋ᠤ ᠬᠦᠷᠪᠡ᠃ ᠰᠢᠶᠡᠩ ᠪᠠᠯᠭᠠᠰᠤᠨ ᠳ᠋ᠤ ᠪᠡᠷᠢᠮᠵᠢᠶᠠᠵᠢᠭᠰᠠᠨ ᠡᠮᠨᠡᠯᠭᠡ 62᠂ ᠬᠢᠵᠢᠭ᠌ ᠰᠡᠷᠭᠡᠢᠢᠯᠡᠬᠦ ᠡᠭᠦᠲᠡᠨ ᠡᠮᠨᠡᠯᠭᠡ 12 ᠶᠢ ᠪᠠᠢᠢᠭᠤᠯᠵᠤ᠂ ᠡᠮᠴᠢᠯᠡᠭᠡᠨ ᠤ ᠦᠢᠯᠡᠴᠢᠯᠡᠭᠡ ᠤᠯᠠᠮ ᠰᠠᠢᠢᠵᠢᠷᠠᠪᠠ᠃ 1550 ᠲᠦᠮᠡᠨ ᠲᠦᠭᠦᠷᠢᠭ᠌ ᠤᠨ ᠬᠦᠷᠦᠩᠭᠡ ᠤᠷᠤᠭᠤᠯᠵᠤ ᠬᠤᠲᠠ ᠬᠦᠲᠡᠭᠡ ᠶᠢᠨ ᠢᠷᠭᠡᠳ ᠤᠨ ᠤᠤᠭᠤᠬᠤ ᠤᠰᠤᠨ ᠤ ᠠᠶᠤᠯᠬᠦᠢ ᠶᠢ ᠪᠠᠲᠤᠯᠠᠪᠠ᠃

    (ᠰᠢᠨᠬᠤᠸᠠ ᠮᠤᠩᠭ᠋ᠤᠯ ᠨᠸᠲ ᠬ·ᠦᠵᠡᠰᠭᠦᠯᠡᠩ᠂ ᠰᠤᠷᠤᠶ᠎ᠠ᠂ ᠡᠮᠦᠨᠡᠲᠦ ᠭᠤᠷᠯᠤᠰ ᠤᠨ ᠷᠠᠳᠢᠤ᠋ ᠲᠸᠯᠸᠢᠰ ᠬᠤᠷᠢᠶᠠᠨ ᠤ ᠲᠦᠪᠰᠢᠨᠵᠢᠷᠭᠠᠯ ᠮᠡᠲᠡᠭᠡᠯᠡᠪᠡ )

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119525606