蒙古文网站Logo
ᠰᠢᠨᠬᠤᠸᠠ ᠮᠤᠩᠭ᠋ᠤᠯ ᠨᠧᠲ

ᠤᠯᠠᠭᠠᠨᠴᠠᠪ - ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ

2016-09-19 15:42

    2014 ᠤᠨ ᠤ 10 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠴᠠᠭ ᠠᠭᠤᠷ ᠤᠨ ᠰᠢᠨᠵᠢᠯᠡᠭᠡ᠂ ᠪᠡᠭᠡᠵᠢᠩ ᠳ᠋ᠤ ᠲᠤᠰᠬᠠᠢ ᠰᠡᠳᠦᠪᠲᠦ ᠰᠢᠯᠭᠠᠷᠠᠭᠤᠯᠬᠤ ᠬᠤᠷᠠᠯ ᠬᠢᠵᠡᠢ᠂ ᠰᠢᠯᠭᠠᠷᠠᠭᠤᠯᠲᠠ ᠳᠤᠮᠳᠠ ᠤᠯᠠᠭᠠᠨᠴᠠᠪ ᠬᠤᠲᠠ ᠨᠢ 《ᠤᠯᠠᠭᠠᠨᠴᠠᠪ•ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ》ᠭᠡᠵᠦ ᠨᠡᠷᠡᠯᠡᠭᠳᠡᠵᠠᠢ᠃ ᠤᠳᠤ ᠪᠤᠯᠬᠤ ᠳ᠋ᠤ᠂ ᠳᠤᠮᠳᠠᠳᠤ ᠤᠯᠤᠰ ᠤᠨ ᠴᠠᠭ ᠠᠭᠤᠷ ᠤᠨ ᠰᠢᠨᠵᠢᠯᠡᠭᠡ ᠡᠴᠡ ᠤᠯᠤᠰ ᠤᠨ ᠳᠡᠰ ᠤᠨ ᠰᠢᠯᠭᠠᠷᠠᠭᠤᠯᠤᠯᠲᠠ ᠪᠡᠷ ᠳᠠᠮᠵᠢᠨ ᠨᠡᠷᠡᠯᠡᠭᠳᠡᠭᠰᠡᠨ ᠭᠠᠵᠠᠷ ᠨᠢ ᠳᠤᠮᠳᠠᠳᠤ ᠤᠯᠤᠰ ᠲᠥ ᠵᠥᠪᠬᠡᠨ ᠵᠢᠷᠭᠤᠭ᠎ᠠ ᠪᠤᠢ᠂ ᠤᠯᠠᠭᠠᠨᠴᠠᠪ ᠬᠤᠲᠠ ᠨᠢ ᠳᠤᠮᠳᠠᠳᠤ ᠤᠯᠤᠰ ᠤᠨ ᠤᠮᠠᠷᠠᠲᠦ ᠬᠡᠰᠡᠭ ᠤᠨ ᠴᠤᠷ ᠤᠨ ᠭᠠᠭᠴᠠ ᠡᠨᠡ ᠤᠨᠴᠠᠭᠠᠢ ᠨᠡᠷᠡᠶᠢᠳᠡᠯ ᠢ ᠤᠯᠤᠭᠰᠡᠨ ᠬᠤᠲᠠ ᠪᠤᠯᠤᠨ᠎ᠠ᠃ (ᠳᠠᠳᠤᠯᠭ᠎ᠠ ᠶᠢᠨ ᠰᠤᠷᠤᠭᠴᠢ ᠰᠢᠭᠤᠷᠭᠠᠨ ᠤᠷᠴᠢᠭᠤᠯᠪᠠ)

ᠰᠤᠮᠤ ᠠᠭᠤᠯᠠ ᠦᠶᠡᠯᠡᠨ ᠨᠤᠭᠤᠭᠠᠷᠠᠵᠦ᠂ ᠮᠠᠨᠠᠨ ᠤ ᠳᠤᠮᠳᠠ ᠪᠦᠷᠦᠭ ᠪᠠᠷᠤᠭ ᠬᠠᠷᠠᠭᠳᠡᠨ᠂ ᠥᠳᠭᠡᠴᠡ ᠤᠨ ᠬᠡᠮᠵᠢᠶ᠎ᠠ ᠨᠢ ᠵᠤᠬᠢᠷᠠᠭᠰᠡᠨ ᠬᠠᠨ᠎ᠠ ᠶᠢᠨ ᠵᠢᠷᠤᠭ ᠢ ᠳᠡᠭᠷᠢ ᠶᠢᠨ ᠬᠢᠵᠠᠭᠠᠷ ᠲᠥ ᠡᠯᠭᠦᠭ᠍ᠰᠡᠨ ᠮᠡᠲᠦ ᠂ ᠬᠤᠧᠠᠷ ᠴᠡᠴᠡᠭᠡᠰ ᠤᠨ ᠦᠨᠦᠷ ᠠᠩᠬᠢᠯᠵᠦ᠂ ᠭᠤᠤᠯ ᠭᠤᠷᠤᠬ᠎ᠠ ᠭᠤᠷᠴᠢᠭᠢᠨᠠᠨ ᠤᠷᠤᠰᠴᠦ᠂ ᠶᠠᠭ ᠯᠠ ᠠᠷᠰᠢ ᠶᠢᠨ ᠤᠷᠤᠨ ᠳ᠋ᠤ ᠤᠷᠤᠭᠰᠡᠨ ᠰᠢᠭ ᠪᠤᠯᠵᠦ ᠰᠡᠳᠬᠢᠯ ᠰᠠᠨᠠᠭ᠎ᠠ ᠥᠪᠡᠷ ᠤᠨ ᠡᠷᠬᠡ ᠦᠭᠡᠢ ᠰᠡᠷᠭᠦᠨ᠎ᠡ᠃

ᠴᠠᠬᠠᠷ ᠨᠠᠭᠤᠷ ᠤᠨ ᠵᠢᠭᠤᠯᠴᠢᠯᠠᠯ ᠤᠨ ᠠᠮᠠᠷᠠᠯᠲᠠ ᠶᠢᠨ ᠤᠷᠤᠨ ᠤ ᠲᠠᠯᠠᠪᠠᠢ ᠶᠡᠬᠡ᠂ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠴᠢᠭᠢᠭ᠍ᠯᠢᠭ᠌ ᠠᠭᠤᠷ ᠠᠮᠢᠰᠬᠤᠯ ᠳ᠋ᠤ ᠪᠠᠭᠲᠠᠳᠠᠬ᠂ ᠲᠥᠷᠪᠡᠨ ᠤᠯᠠᠷᠢᠯ ᠰᠤᠯᠢᠬᠳᠡᠨ᠂ ᠭᠡᠷᠡᠯ ᠤᠨ ᠲᠤᠰᠤᠯᠲᠠ ᠰᠠᠢᠢᠨ ᠪᠠᠶᠢᠳᠠᠭ᠃ ᠠᠭᠤᠯᠠ ᠤᠰᠤ ᠬᠦᠬᠡᠷᠡᠨ ᠵᠢᠷᠤᠬ ᠮᠡᠲᠦ᠂ ᠲᠤᠰ ᠭᠠᠵᠠᠷ ᠨᠢ ᠰᠡᠯᠡᠭᠦᠴᠡᠨ ᠵᠢᠭᠤᠯᠴᠢᠯᠠᠬᠤ ᠰᠠᠶᠢᠬᠠᠨ ᠤᠷᠤᠨ ᠪᠤᠯᠤᠨ᠎ᠠ ᠃

ᠲᠠᠭ᠎ᠠ ᠨᠠᠭᠤᠷ ᠵᠢᠭᠤᠯᠴᠢᠯᠠᠯ ᠤᠨ ᠤᠷᠤᠨ ᠨᠢ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠦᠵᠡᠰᠭᠦᠯᠡᠩᠲᠦ ᠰᠠᠶᠢᠬᠠᠨ ᠲᠠᠭ᠎ᠠ ᠨᠠᠭᠤᠷ ᠤᠨ ᠬᠦᠪᠡᠭᠡ ᠳ᠋ᠤ ᠪᠠᠶᠢᠷᠢᠰᠢᠵᠦ ᠪᠠᠶᠢᠳᠠᠭ᠃ ᠤᠯᠤᠰ ᠤᠨ ᠳᠡᠰ ᠤᠨ 4A ᠳᠡᠰ ᠤᠨ ᠦᠵᠡᠮᠵᠢᠲᠦ ᠤᠷᠤᠨ᠂ ᠲᠠᠭ᠎ᠠ ᠨᠠᠭᠤᠷ ᠨᠢ ᠥᠪᠦᠷ ᠮᠤᠩᠭ᠋ᠤᠯ ᠤᠨ ᠭᠤᠷᠪᠠᠳᠤᠭᠠᠷ ᠶᠡᠬᠡ ᠲᠤᠳᠤᠭᠠᠳᠤ ᠨᠠᠭᠤᠷ᠂ ᠤᠰᠤᠨ ᠤ ᠬᠡᠮᠵᠢᠶ᠎ᠡ ᠨᠢ 130 ᠺᠦᠧᠡ᠋᠋ᠲ ᠺᠢᠯᠤᠮᠧᠲ᠋ᠷ ᠵᠤᠤᠪᠠᠩ ᠬᠡᠯᠪᠡᠷᠢᠲᠠᠢ ᠨᠠᠭᠤᠷ ᠪᠤᠯᠤᠨ᠎ᠠ᠃

ᠲᠤᠰ ᠭᠠᠵᠠᠷ ᠪᠤᠯ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠦᠨ᠎ᠡ ᠬᠡᠰᠡᠭ ᠤᠨ ᠬᠦᠢᠲᠡᠨ ᠰᠢᠯᠢ ᠶᠢᠨ ᠲᠠᠯ᠎ᠠ ᠨᠤᠲᠤᠭ ᠪᠤᠯᠤᠨ᠎ᠠ᠃ ᠡᠨᠳᠡ ᠡᠪᠦᠯ ᠬᠠᠬᠢᠷ ᠬᠦᠢᠲᠡᠨ᠂ ᠵᠤᠨ ᠰᠡᠷᠢᠭᠦᠨ ᠲᠠᠭᠠᠯᠠᠮᠵᠢᠲᠠᠢ᠃ ᠵᠢᠯ ᠪᠤᠯᠭᠠᠨ ᠤ ᠵᠢᠷᠭᠤᠭᠠᠨ ᠰᠠᠷ᠎ᠠ ᠡᠴᠡ ᠶᠢᠰᠦᠨ ᠰᠠᠷ᠎ᠠ ᠶᠢᠨ ᠬᠤᠭᠤᠷᠤᠨᠳᠦ ᠬᠦᠢᠲᠡᠨ ᠰᠢᠯᠢ ᠶᠢᠨ ᠲᠠᠯ᠎ᠠ ᠨᠤᠲᠤᠭ ᠲᠥ ᠰᠤᠷᠭᠤᠭ ᠴᠡᠴᠡᠭ ᠳᠡᠯᠭᠡᠷᠡᠨ᠂ ᠴᠡᠴᠡᠭ ᠤᠨ ᠳᠠᠯᠠᠢ ᠪᠤᠯᠳᠠᠭ᠃《ᠲᠡᠯᠡᠬᠡᠢ ᠲᠡᠭᠡᠷᠡᠬᠢ ᠪᠠᠶᠢᠭᠠᠯᠢᠯᠢᠭ᠋᠋ ᠰᠤᠷᠭᠤᠭ ᠴᠡᠴᠡᠭᠲᠦ ᠲᠠᠯ᠎ᠠ ᠨᠤᠲᠤᠭ》ᠬᠡᠮᠡᠨ ᠨᠡᠷᠡᠯᠡᠭᠳᠡᠵᠠᠢ᠃

ᠭᠡᠭᠡᠨ ᠲᠠᠯ᠎ᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ ᠨᠢ ᠥᠪᠦᠷ ᠮᠤᠩᠭ᠋ᠤᠯ ᠤᠨ ᠥᠪᠡᠷᠲᠡᠭᠡᠨ ᠵᠠᠰᠠᠬᠤ ᠤᠷᠤᠨ ᠤ ᠲᠠᠪᠦᠨ ᠶᠡᠬᠡ ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ ᠤ ᠨᠢᠭᠡ᠂ ᠪᠦᠬᠦ ᠤᠯᠤᠰ ᠤᠨ ᠠᠩᠬᠠᠨ ᠤ ᠪᠦᠯᠦᠭ ᠤᠨ 4A ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠨᠢᠭᠡ ᠶᠤᠮ᠃ ᠮᠥᠨᠴᠦ ᠪᠦᠬᠦ ᠤᠯᠤᠰ ᠤᠨ ᠴᠤᠷ ᠤᠨ ᠭᠠᠭᠴᠠ ᠲᠠᠯ᠎ᠠ ᠨᠤᠲᠤᠭ ᠤᠨ 4A ᠳᠡᠰ ᠤᠨ ᠦᠵᠡᠮᠵᠢ ᠶᠢᠨ ᠤᠷᠤᠨ ᠪᠤᠯᠤᠨ᠎ᠠ᠃ 1989 ᠤᠨ ᠡᠴᠡ ᠵᠢᠯ ᠪᠤᠯᠭᠠᠨ ᠤ ᠪᠢᠯᠢᠭ᠌ ᠤᠨ ᠤᠯᠠᠷᠢᠯ ᠤᠨ ᠲᠠᠪᠦᠨ ᠰᠠᠷ᠎ᠠ ᠶᠢᠨ ᠠᠷᠪᠡᠨ ᠭᠤᠷᠪᠠᠨ ᠳ᠋ᠤ ᠮᠤᠩᠭ᠋ᠤᠯᠴᠤᠳ ᠤᠯᠠᠮᠵᠢᠯᠠᠯᠲᠦ ᠤᠪᠤᠭᠠᠨ ᠳᠠᠬᠢᠯᠭ᠎ᠠ ᠶᠠᠪᠤᠭᠳᠠᠭᠤᠯᠳᠠᠭ᠃ ᠵᠢᠯ ᠪᠤᠯᠭᠠᠨ ᠤ ᠠᠷᠭ᠎ᠠ ᠶᠢᠨ ᠤᠯᠠᠷᠢᠯ ᠤᠨ ᠳᠤᠯᠤᠭᠠᠨ ᠰᠠᠷ᠎ᠠ ᠶᠢᠨ ᠬᠤᠷᠢᠨ ᠲᠠᠪᠤᠨ ᠡᠴᠡ ᠭᠤᠴᠢᠨ ᠨᠢᠭᠡᠨ ᠪᠤᠯᠲᠠᠯ᠎ᠠ ᠥᠪᠦᠷ ᠮᠤᠩᠭ᠋ᠤᠯ ᠤᠨ ᠥᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠨᠠᠭᠠᠳᠤᠮ ᠤᠨ ᠶᠡᠬᠡ ᠬᠤᠷᠠᠯ ᠢ ᠬᠢᠳᠡᠭ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119585969