蒙古文网站Logo
ᠰᠢᠨᠬᠤᠸᠠ ᠮᠤᠩᠭ᠋ᠤᠯ ᠨᠧᠲ

ᠰᠢᠯᠢ ᠶᠢᠨ ᠭᠤᠤᠯ ᠡᠴᠡ ᠮᠠᠲᠠᠷ ᠪᠠᠷᠢᠵᠦ ᠠᠪᠤᠪᠠ

2016-09-21 16:49

    ᠰᠢᠨᠬᠤᠸᠠ ᠨᠧᠲ  ᠬᠦᠬᠡᠬᠤᠲᠠ ᠶᠢᠨ 9 ᠰᠠᠷ᠎ᠠ ᠶᠢᠨ 20 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠯᠢᠦ ᠯᠧᠢ) ᠤᠶᠢᠷ᠎ᠠ ᠶᠢᠨ ᠡᠳᠦᠷ᠂ ᠦᠪᠦᠷ ᠮᠤᠨᠭᠭᠤᠯ ᠤᠨ ᠰᠢᠯᠢ ᠶᠢᠨ ᠭᠤᠤᠯ ᠤᠨ ᠰᠢ ᠱᠠ ᠸᠠᠨ ᠤᠰᠤᠨ ᠴᠦᠭᠦᠷᠦᠮ ᠡᠴᠡ 1.5 ᠮᠧᠲ᠋ᠷ ᠤᠨ ᠤᠷᠳᠤ ᠮᠠᠳᠠᠷ ᠢᠯᠡᠷᠡᠭᠦᠯᠵᠡᠢ᠃ ᠵᠢᠭᠤᠯᠴᠢᠳ ᠤᠯᠵᠦ ᠬᠠᠷᠠᠬᠤ ᠦᠶ᠎ᠡ ᠳᠤ ᠡᠨᠡ ᠮᠠᠳᠠᠷ ᠶᠠᠬ ᠤᠰᠤᠨ ᠤ ᠬᠦᠪᠡᠭᠡᠨ ᠳᠤ ᠠᠮᠠᠷᠠᠵᠦ ᠪᠠᠶᠢᠪᠠ᠃ ᠤᠳᠤ ᠲᠤᠬᠠᠢ ᠶᠢᠨ ᠤᠷᠤᠨ ᠤ ᠤᠢ ᠰᠢᠭᠤᠢ ᠶᠢᠨ ᠠᠮᠤᠷ ᠢ ᠬᠠᠮᠠᠭᠠᠯᠠᠬᠤ ᠲᠠᠯ᠎ᠠ ᠶᠢᠨ ᠬᠢᠨ ᠮᠠᠳᠠᠷ ᠢ ᠲᠤᠰ ᠤᠰᠤᠨ ᠴᠦᠬᠦᠷᠦᠮ ᠤᠨ ᠬᠦᠪᠡᠭᠡᠨ ᠳᠤ ᠬᠤᠷᠢᠵᠦ ᠲᠡᠵᠢᠭᠡᠵᠤ ᠪᠤᠢ᠃

    ᠮᠠᠳᠠᠷ ᠢ ᠠᠪᠤᠷᠭᠤ ᠬᠦᠷᠪᠡᠯ ᠲᠠᠢ ᠠᠳᠠᠯᠢ ᠨᠢᠭᠡ ᠴᠠᠬ ᠦᠶ᠎ᠡ ᠶᠢᠨ ᠠᠮᠢᠳᠠᠨ ᠭᠡᠳᠡᠭ᠃ ᠠᠮᠢ ᠠᠬᠤᠢ ᠶᠢᠨ ᠦᠷᠲᠡᠭ ᠪᠠ ᠰᠢᠨᠵᠢᠯᠡᠬᠦ ᠤᠬᠠᠭᠠᠨ ᠤ ᠮᠠᠰᠢ ᠦᠨᠳᠦᠷ ᠦᠷᠲᠡᠭ ᠲᠠᠢ᠃ ᠶᠡᠷᠦ ᠨᠢ ᠬᠠᠯᠠᠭᠤᠨ ᠪᠦᠰᠡ᠂ ᠳᠡᠳ᠋ ᠬᠠᠯᠠᠭᠤᠨ ᠪᠦᠰᠡ ᠶᠢᠨ ᠤᠰᠤᠨ ᠤᠷᠤᠨ ᠳᠤ ᠠᠮᠢᠳᠤᠷᠠᠳᠠᠬ᠃ ᠭᠡᠳᠡᠯ᠎ᠠ ᠰᠢᠯᠢ ᠶᠢᠨ ᠭᠤᠤᠯ ᠳᠡᠳ᠋ ᠬᠦᠢᠲᠡᠨ ᠪᠦᠰᠡ ᠪᠠ ᠬᠦᠢᠲᠡᠨ ᠪᠦᠰᠡ ᠳᠤ ᠪᠠᠶᠢᠷᠢᠯᠠᠵᠦ᠂ ᠳᠤᠤᠷ᠎ᠠ ᠳᠤᠯᠠᠭᠠᠨ ᠤ ᠪᠠᠶᠢᠭᠠᠯᠢ ᠶᠢᠨ ᠨᠦᠬᠦᠴᠡᠯ ᠳᠤ ᠮᠠᠳᠠᠷ ᠠᠮᠢᠳᠤᠷᠠᠬᠤ ᠪᠤᠯᠤᠮᠵᠢ ᠲᠤᠩ ᠪᠠᠭ᠎ᠠ ᠪᠠᠶᠢᠳᠠᠬ᠃ ᠰᠢᠯᠢ ᠶᠢᠨ ᠭᠤᠤᠯ ᠤᠨ ᠳᠤᠯᠤᠨ ᠨᠠᠭᠤᠷ ᠰᠢᠶᠠᠨ ᠤ ᠤᠢ ᠰᠢᠭᠤᠢ ᠶᠢᠨ ᠠᠮᠤᠷ ᠢ ᠬᠠᠮᠠᠭᠠᠯᠠᠬᠤ ᠲᠤᠪᠴᠢᠶᠠᠨ ᠤ ᠳᠡᠳ᠋ ᠳᠠᠷᠤᠭ᠎ᠠ ᠢᠦᠢ ᠭᠦᠧᠧ ᠴᠧᠩ ᠤᠨ ᠲᠠᠨᠢᠯᠴᠠᠭᠤᠯᠤᠬᠰᠠᠨ ᠢᠶᠡᠷ᠂ ᠲᠡᠦᠬᠡᠨ ᠳᠤ ᠲᠤᠬᠠᠢ ᠶᠢᠨ ᠤᠷᠤᠨ ᠳᠤ ᠮᠠᠳᠠᠷ ᠠᠮᠢᠳᠤᠷᠠᠵᠦ ᠪᠠᠶᠢᠬᠰᠠᠨ ᠳᠡᠮᠳᠡᠭᠯᠡᠯ ᠪᠠᠶᠢᠬᠤ ᠦᠭᠡᠢ᠂ ᠡᠨᠡ ᠮᠠᠳᠠᠷ ᠬᠤᠪᠢ ᠬᠦᠮᠦᠨ ᠤ ᠲᠡᠵᠢᠭᠡᠵᠦ ᠪᠠᠶᠢᠬᠰᠠᠨ ᠢᠶᠡᠨ ᠳᠠᠯᠪᠢᠵᠦ ᠶᠠᠪᠤᠭᠤᠯᠤᠬᠰᠠᠨ ᠪᠤᠶᠤ ᠳᠤᠲᠠᠭᠠᠵᠦ ᠭᠠᠷᠴᠤ ᠢᠷᠡᠭ᠍ᠰᠡᠨ ᠪᠤᠯᠤᠮᠵᠢ ᠶᠡᠭᠡ᠃ ᠤᠳᠤᠬᠠᠨ ᠳᠤ ᠲᠤᠬᠠᠢ ᠶᠢᠨ ᠤᠷᠤᠨ ᠤ ᠤᠢ ᠰᠢᠭᠤᠢ ᠶᠢᠨ ᠠᠮᠤᠷ ᠢ ᠬᠠᠮᠠᠭᠠᠯᠠᠬᠤ ᠲᠠᠯ᠎ᠠ ᠶᠢᠨ ᠬᠢᠨ ᠶᠠᠬ ᠡᠨᠡ ᠮᠠᠳᠠᠷ ᠤᠨ ᠲᠦᠷᠦᠯ ᠵᠦᠢᠯ ᠪᠠ ᠢᠷᠡᠯᠲᠡ ᠵᠢ ᠪᠠᠶᠢᠴᠠᠭᠠᠵᠦ ᠪᠤᠢ᠃

    ᠮᠠᠨ ᠤ ᠤᠯᠤᠰ ᠲᠤ ᠬᠤᠪᠢ ᠬᠦᠮᠦᠨ ᠮᠠᠳᠠᠷ ᠲᠡᠵᠢᠭᠡᠬᠦ ᠵᠢ ᠵᠦᠪᠰᠢᠶᠡᠷᠡᠬᠦ ᠦᠭᠡᠢ ᠪᠠᠶᠢᠳᠠᠬ᠃ ᠵᠠᠪᠠᠯ ᠬᠠᠮᠢᠶ᠎ᠠ ᠪᠦᠬᠦᠢ ᠵᠦᠪᠰᠢᠶᠡᠷᠡᠯ ᠤᠨ ᠦᠨᠡᠮᠯᠡᠯ ᠲᠠᠢ ᠪᠤᠯ ᠰᠠᠶ᠊ᠢ ᠲᠡᠵᠢᠭᠡᠵᠦ ᠪᠤᠯᠳᠠᠬ᠃ ᠭᠡᠪᠡᠴᠦ ᠵᠠᠷᠢᠮ ᠬᠦᠮᠦᠰ ᠢᠨᠲ᠋ᠧᠷᠨᠧᠲ ᠪᠤᠶᠤ ᠳᠠᠮ ᠤᠨ ᠮᠠᠶᠢᠮᠠᠢ ᠵᠡᠷᠭᠡ ᠬᠠᠤᠯᠢ ᠪᠤᠰᠤ ᠠᠷᠭ᠎ᠠ ᠪᠡᠷ ᠮᠠᠳᠠᠷ ᠬᠤᠳᠠᠯᠳᠤᠨ ᠠᠪᠴᠤ ᠲᠡᠵᠢᠭᠡᠵᠦ ᠪᠤᠢ᠃ ᠢᠩᠬᠢᠭᠦ ᠨᠢ ᠭᠡᠷ ᠤᠨ ᠬᠦᠮᠦᠰ᠂ ᠤᠶᠢᠷ᠎ᠠ ᠵᠡᠷᠭᠡᠯᠡᠳᠡᠭᠡ ᠶᠢᠨ ᠢᠶᠡᠨ ᠠᠮᠤᠷ ᠲᠦᠪᠰᠢᠨ ᠢ ᠰᠦᠷᠳᠡᠬᠦᠯᠵᠦ ᠪᠠᠶᠢᠬᠤ ᠪᠦᠭᠡᠳ ᠮᠦᠨ ᠬᠠᠤᠯᠢ ᠪᠤᠰᠤ ᠠᠵᠢᠯᠯᠠᠭ᠎ᠠ ᠪᠤᠯᠤᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119600859