蒙古文网站Logo
ᠰᠢᠨᠬᠤᠸᠠ ᠮᠤᠩᠭ᠋ᠤᠯ ᠨᠧᠲ

ᠪᠠᠭᠠᠷᠢᠨ ᠪᠠᠷᠠᠭᠤᠨ ᠬᠤᠰᠢᠭᠤ ᠮᠠᠯ ᠲᠠᠷᠢᠶᠠᠯᠠᠩ ᠢ ᠤᠶᠠᠯᠳᠤᠭᠤᠯᠵᠦ ᠮᠢᠬᠠᠨ ᠤ ᠦᠬᠡᠷ ᠤᠨ ᠦᠢᠯᠡᠰ ᠢ ᠬᠦᠭ᠍ᠵᠢᠭᠦᠯᠵᠦ ᠪᠤᠢ

2016-09-23 11:24

    ᠦᠪᠦᠷ ᠮᠤᠨᠭᠭᠤᠯ ᠤᠨ ᠪᠠᠭᠠᠷᠢᠨ ᠪᠠᠷᠠᠭᠤᠠ ᠬᠤᠰᠢᠭᠤᠨ ᠤ ᠪᠠᠢ ᠢ ᠮᠠᠯ ᠲᠠᠷᠢᠶᠠᠯᠠᠩ ᠤᠨ ᠲᠤᠰᠬᠠᠢ ᠬᠤᠷᠰᠢᠶᠠᠵᠢᠯ ᠤᠨ 2016 ᠤᠨ ᠤ ᠬᠦᠷᠦᠩᠭᠡ ᠤᠷᠤᠭᠤᠯᠤᠯᠲᠠ ᠨᠡᠶᠢᠲᠡ 48.8 ᠲᠦᠮᠡᠨ ᠲᠦᠭᠦᠷᠢᠭ᠌ ᠬᠦᠷᠴᠦ᠂ ᠡᠷᠳᠡᠨᠢ ᠰᠢᠰᠢ 200 ᠮᠤ᠂ ᠴᠠᠷᠭᠤᠰᠤ 110 ᠮᠤ ᠲᠠᠷᠢᠵᠦ ᠲᠡᠵᠢᠭᠡᠯ ᠪᠤᠷᠳᠤᠭ᠎ᠠ ᠪᠠᠨ ᠬᠠᠨᠭᠭᠠᠵᠦ ᠪᠤᠢ᠃

    ᠰᠡᠭᠦᠯ ᠤᠨ ᠵᠢᠯ ᠤᠳ ᠲᠤ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠮᠢᠬᠠᠨ ᠤ ᠦᠬᠡᠷ ᠲᠡᠵᠢᠭᠡᠬᠦ ᠡᠷᠦᠬᠡ ᠪᠤᠯᠤᠨ ᠮᠠᠯ ᠲᠠᠷᠢᠶᠠᠯᠠᠩ ᠤᠨ ᠲᠤᠰᠬᠠᠶᠢᠵᠢᠬᠰᠠᠨ ᠬᠤᠷᠰᠢᠶᠠᠵᠢᠯ ᠨᠢ ᠡᠷᠳᠡᠨᠢ ᠰᠢᠰᠢ᠂ ᠴᠠᠷᠭᠤᠰᠤ ᠲᠠᠷᠢᠬᠤ ᠵᠢ ᠬᠦᠭ᠍ᠵᠢᠭᠦᠯᠵᠦ ᠲᠠᠷᠢᠮᠠᠯ ᠢᠶᠡᠷ ᠮᠠᠯᠵᠢᠯ ᠢ ᠠᠬᠢᠭᠤᠯᠤᠨ ᠮᠠᠯ ᠲᠠᠷᠢᠶᠠᠯᠠᠩ ᠤᠶᠠᠯᠳᠤᠬᠰᠠᠨ ᠮᠢᠬᠠᠨ ᠤ ᠦᠭᠡᠷ ᠲᠠᠵᠢᠭᠡᠬᠦ ᠬᠡᠯᠪᠡᠷᠢ ᠵᠢ ᠪᠤᠢ ᠪᠤᠯᠭᠠᠵᠠᠢ᠃ ᠡᠭᠦᠨ ᠤ ᠵᠡᠷᠭᠡᠪᠡᠷ ᠫᠧᠩ ᠰᠠᠷᠠᠪᠴᠢᠨ ᠳᠡᠬᠢ ᠴᠠᠬᠢᠯᠭᠠᠨ ᠬᠠᠨᠭᠭᠠᠯᠲᠠ ᠪᠠ ᠪᠤᠷᠳᠤᠭ᠎ᠠ ᠡᠳ᠋ᠰᠢᠭᠦᠯᠬᠦ ᠲᠦᠭᠦᠭᠡᠷᠦᠮᠵᠢ ᠵᠢ ᠳᠡᠰ ᠳᠡᠪᠰᠢᠭᠦᠯᠵᠦ᠂ ᠮᠢᠬᠠᠨ ᠤ ᠦᠭᠡᠷ ᠤᠨ ᠲᠠᠵᠢᠭᠡᠯ ᠡᠪᠡᠰᠦᠨ ᠤ ᠬᠠᠨᠭᠭᠠᠯᠲᠠ ᠵᠢ ᠪᠠᠲᠤᠯᠠᠬᠰᠠᠨ ᠰᠠᠭᠤᠷᠢᠨ ᠳᠡᠭᠡᠷ᠎ᠡ ᠮᠢᠬᠠᠨ ᠤ ᠦᠬᠡᠷ ᠢ ᠲᠡᠵᠢᠭᠡᠬᠦ ᠦᠪᠡᠷ ᠤᠨ ᠦᠷᠲᠡᠭ ᠢ ᠶᠡᠬᠡᠪᠡᠷ ᠪᠠᠭᠤᠷᠠᠭᠤᠯᠵᠠᠢ᠃ ᠪᠦᠷᠢᠳᠬᠡᠯ ᠢ ᠦᠨᠳᠦᠰᠦᠯᠡᠪᠡᠯ᠂ 2016 ᠤᠨ ᠳᠤ ᠪᠠᠭᠠᠡᠷᠢᠨ ᠪᠠᠷᠠᠭᠤᠨ ᠬᠤᠰᠢᠭᠤᠨ ᠤ ᠮᠠᠯ ᠲᠠᠷᠢᠶᠠᠯᠠᠩ ᠤᠨ ᠦᠢᠯᠡᠰ ᠤᠨ ᠲᠦᠰᠦᠪᠯᠡᠭ᠍ᠰᠡᠨ ᠦᠢᠯᠡᠳᠬᠦᠨ ᠤ ᠦᠷᠲᠡᠭ 2015 ᠤᠨ ᠡᠴᠡ 2.94 ᠳ᠋ᠦᠩᠰᠢᠭᠤᠷ ᠲᠦᠭᠦᠷᠢᠭ᠌᠋᠋ ᠨᠡᠮᠡᠭᠳᠡᠵᠦ᠂ ᠦᠩᠭᠡᠷᠡᠭᠰᠡᠨ ᠤᠨ ᠤ ᠮᠦᠨ ᠦᠶ᠎ᠡ ᠡᠴᠡ 2.7% ᠪᠡᠷ ᠦᠰᠦᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119612734