蒙古文网站Logo
ᠰᠢᠨᠬᠤᠸᠠ ᠮᠤᠩᠭ᠋ᠤᠯ ᠨᠧᠲ

ᠲᠦᠩᠯᠢᠶᠤᠤ ᠬᠤᠲᠠ ᠵᠢᠨ ᠬᠦᠷᠢᠶ᠎ᠡ ᠬᠤᠰᠢᠭᠤ ᠬᠤᠢ ᠰᠠᠯᠬᠢᠨ ᠤ ᠭᠠᠮᠰᠢᠭ ᠲᠥ ᠳᠠᠭᠠᠷᠢᠬᠳᠠᠪᠠ

2016-09-27 11:57

    ᠰᠢᠨᠬᠤᠸᠠ ᠬᠤᠷᠢᠶ᠎ᠠ   ᠬᠦᠬᠡᠬᠤᠲᠠ ᠵᠢᠨ 9 ᠰᠠᠷ᠎ᠠ ᠵᠢᠨ 25 ᠤ᠋ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠵᠢᠩ)᠂ ᠰᠤᠷᠪᠤᠯᠵᠢᠯᠠᠭᠴᠢ 25 ᠤ᠋ ᠡᠳᠦᠷ ᠲᠦᠩᠯᠢᠶᠤᠤ ᠬᠤᠲᠠ ᠵᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠦᠷᠢᠶ᠎ᠠ ᠬᠤᠰᠢᠭᠤᠨ ᠤ ᠴᠠᠭ ᠠᠭᠤᠷ ᠤᠨ ᠲᠤᠪᠴᠢᠶ᠎ᠠ ᠵᠡᠷᠭᠡ ᠪᠠᠶᠢᠭᠤᠯᠭ᠎ᠠ ᠡᠴᠡ ᠤᠶᠢᠯᠠᠭᠠᠬᠰᠠᠨ ᠶᠢᠡᠷ᠂ 9 ᠰᠠᠷ᠎ᠠ ᠵᠢᠨ 24 ᠤ ᠡᠳᠦᠷ ᠤᠨ 17᠄10 ᠴᠠᠬ ᠡᠴᠡ 20᠄00 ᠴᠠᠬ ᠤᠨ ᠬᠤᠭᠤᠷᠤᠨᠳᠤ᠂ ᠲᠦᠩᠯᠢᠶᠤᠤ ᠬᠤᠲᠠ ᠵᠢᠨ ᠬᠦᠷᠢᠶ᠎ᠡ ᠬᠤᠰᠢᠭᠤ ᠬᠦᠴᠦᠳᠡᠢ ᠬᠤᠢ ᠰᠠᠯᠬᠢ ᠶᠢᠨ ᠭᠠᠮᠰᠢᠭ ᠲᠥ ᠤᠴᠠᠷᠠᠵᠦ᠂ ᠤᠯᠠᠨ ᠬᠦᠮᠦᠨ ᠰᠢᠷᠠᠭᠲᠤᠨ᠂ ᠨᠡᠯᠢᠶᠡᠳ ᠤᠯᠠᠨ ᠭᠡᠷ ᠪᠠᠶᠢᠰᠢᠩ ᠪᠠ ᠪᠠᠷᠢᠯᠭ᠎ᠠ ᠨᠤᠷᠠᠵᠤ᠂ ᠮᠤᠨᠭᠭᠤᠯ ᠭᠡᠷ᠂ ᠮᠠᠰᠢᠨ ᠡᠪᠳᠡᠯᠡᠭᠡ ᠳᠤ ᠤᠴᠠᠷᠠᠵᠠᠢ᠃

    ᠭᠠᠮᠰᠢᠭ ᠤᠨ ᠳᠠᠷᠠᠭ᠎ᠠ᠂ ᠬᠦᠷᠢᠶ᠎ᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠡᠷᠡ ᠳᠠᠷᠤᠢ ᠪᠠᠴᠢᠮ ᠠᠪᠤᠷᠠᠯᠲᠠ ᠶᠢᠨ ᠠᠯᠪᠠᠨ ᠭᠡᠷ᠂ ᠠᠷᠠᠳ ᠤᠨ ᠶᠠᠪᠤᠳᠠᠯ ᠤᠨ ᠲᠤᠪᠴᠢᠶ᠎ᠠ᠂ ᠳᠤᠲᠤᠭᠠᠳᠤ ᠵᠢ ᠬᠠᠮᠠᠭᠠᠯᠠᠬᠤ ᠲᠤᠪᠴᠢᠶ᠎ᠠ᠂ ᠡᠷᠡᠭᠦᠯ ᠮᠡᠨᠳᠤ ᠶᠢᠨ ᠲᠤᠪᠴᠢᠶ᠎ᠠ ᠵᠡᠷᠭᠡ ᠶᠢᠨ ᠬᠤᠯᠪᠤᠬᠳᠠᠬᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ᠂ ᠭᠠᠮᠰᠢᠬ ᠲᠤ ᠵᠤᠷᠢᠭᠤᠯᠤᠬᠰᠠᠨ ᠠᠵᠢᠯ ᠤᠨ ᠪᠠᠭ ᠲᠤᠮᠢᠯᠠᠵᠦ᠂ ᠭᠠᠮᠰᠢᠬ ᠤᠨ ᠪᠠᠶᠢᠳᠠᠯ ᠢ ᠤᠶᠢᠯᠠᠭᠠᠨ᠂ ᠭᠠᠮᠰᠢᠬ ᠡᠴᠡ ᠠᠪᠤᠷᠠᠵᠦ ᠲᠦᠪᠬᠢᠨᠡᠭᠦᠯᠬᠦ ᠠᠵᠢᠯ ᠢ ᠡᠷᠴᠢᠮᠳᠡᠢ ᠦᠷᠨᠢᠭᠦᠯᠵᠦ ᠪᠤᠢ᠃(ᠳᠠᠳᠤᠯᠭ᠎ᠠ ᠵᠢᠨ ᠰᠤᠷᠤᠭᠴᠢ ᠪᠠᠶᠠᠰᠤᠯ ᠤᠷᠴᠢᠭᠤᠯᠤᠨ ᠨᠠᠶᠢᠷᠠᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119631691