蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠲᠤᠮᠲᠠ ᠵᠡᠬᠦᠨ ᠬᠡᠰᠡᠭ ᠲᠤ ᠲᠡᠭᠷᠢ ᠬᠦᠢᠲᠡᠷᠡᠵᠦ ᠬᠢᠷᠠᠭᠤ ᠤᠨᠠᠨ᠎ᠠ

2016-09-27 16:49

    ᠰᠢᠨᠬᠤᠸᠠ ᠮᠤᠩᠭ᠋ᠤᠯ ᠨᠧᠲ  ᠬᠦᠬᠡᠬᠤᠲᠠ ᠶᠢᠨ 9 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ( ᠬ·ᠦᠵᠡᠰᠭᠦᠯᠡᠩ ) ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠬᠤᠷᠢᠶᠠᠨ ᠤ 27 ᠤ ᠡᠲᠦᠷ ᠤᠨ 9᠄ 30 ᠴᠠᠭ ᠲᠤ ᠤᠷᠢᠳᠴᠢᠯᠠᠨ ᠲᠤᠭᠠᠴᠠᠭᠠᠯᠠᠭᠰᠠᠨ ᠬᠠᠮᠤᠭ ᠤᠨ ᠰᠢᠨ᠎ᠡ ᠴᠠᠭ ᠠᠭᠠᠷ ᠤᠨ ᠮᠡᠲᠡᠭᠡᠯᠡᠯ ᠢ ᠦᠨᠳᠦᠰᠦᠯᠡᠪᠡᠯ ᠢᠷᠡᠬᠦ ᠭᠤᠷᠪᠠᠨ ᠡᠲᠦᠷ ᠦᠪᠦᠷ ᠮᠤᠩᠭ᠋ᠤᠯ ᠤᠨ ᠲᠤᠮᠲᠠ ᠵᠡᠬᠦᠨ ᠬᠡᠰᠡᠭ ᠲᠤ ᠲᠡᠭᠷᠢ ᠬᠦᠢᠲᠠᠷᠠᠵᠦ᠂ ᠬᠢᠷᠠᠭᠤ ᠤᠨᠠᠨ᠎ᠠ᠃ 

 

    9 ᠰᠠᠷ᠎ᠠ ᠶᠢᠨ 27 ᠤ ᠡᠲᠦᠷ ᠤᠨ 8᠄ 00 ᠴᠠᠭ ᠡᠴᠡ 9 ᠰᠠᠷ᠎ᠠ ᠶᠢᠨ 28 ᠤ ᠡᠲᠦᠷ ᠤᠨ 8᠄ 00 ᠴᠠᠭ ᠪᠤᠯᠲᠠᠯ᠎ᠠ ᠠᠯᠠᠱᠠ᠂ ᠲᠦᠩᠯᠢᠶᠤᠤ ᠶᠢᠨ ᠲᠤᠮᠲᠠ ᠬᠤᠢᠢᠲᠤ ᠬᠡᠰᠡᠭ᠂ ᠬᠢᠩᠭ᠋ᠠᠨ ᠤ ᠵᠡᠬᠦᠨ ᠬᠡᠰᠡᠭ ᠲᠤ ᠡᠬᠦᠯᠡ ᠲᠠᠢ᠂ ᠪᠠᠭ᠎᠎ᠠ ᠪᠤᠷᠤᠭᠠᠨ ᠤᠷᠤᠨ᠎ᠠ᠂ ᠪᠤᠰᠤᠳ ᠭᠠᠵᠠᠷ ᠲᠤ ᠡᠭᠦᠯᠡᠰᠢᠨ᠎ᠡ᠃ ᠲᠤᠮᠲᠠ ᠵᠡᠬᠦᠨ ᠬᠡᠰᠡᠭ ᠲᠤ ᠪᠠᠷᠠᠭᠤᠨ ᠬᠤᠢᠢᠨ᠎ᠠ ᠡᠴᠡ 5 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠡᠮᠦᠨ᠎ᠡ ᠡᠴᠡ 34 ᠲᠡᠰ ᠤᠨ ᠰᠠᠯᠬᠢ ᠲᠠᠢ᠃ ᠲᠤᠮᠲᠠ ᠵᠡᠬᠦᠨ ᠬᠡᠰᠡᠭ ᠤᠨ ᠠᠭᠠᠷ ᠤᠨ ᠲᠤᠯᠠᠭᠠᠨ 46 ᠭᠷᠠᠳᠦ᠋ᠰ ᠪᠠᠭᠤᠷᠠᠨ᠎ᠠ᠂ ᠡᠭᠦᠨ ᠳ᠋ᠤ ᠵᠡᠬᠦᠨ ᠡᠮᠦᠨ᠎ᠡ ᠬᠡᠰᠡᠭ ᠤᠨ ᠠᠭᠠᠷ ᠤᠨ ᠲᠤᠯᠠᠭᠠᠨ 68 ᠭᠷᠠᠳᠦ᠋ᠰ ᠪᠠᠭᠤᠷᠠᠨ᠎ᠠ᠃ ᠪᠤᠭᠤᠲᠤ᠂ ᠬᠦᠬᠡᠬᠤᠲᠠ ᠶᠢᠨ ᠬᠤᠢᠢᠲᠤ ᠬᠡᠰᠡᠭ᠂ ᠤᠯᠠᠭᠠᠨᠴᠠᠪ᠂ ᠰᠢᠯᠢ ᠶᠢᠨ ᠭᠤᠤᠯ᠂ ᠤᠯᠠᠭᠠᠨᠬᠠᠲᠠ ᠶᠢᠨ ᠪᠠᠷᠠᠭᠤᠨ ᠬᠤᠢᠢᠲᠤ ᠬᠡᠰᠡᠭ᠂ ᠲᠦᠩᠯᠢᠶᠤᠤ ᠶᠢᠨ ᠬᠤᠢᠢᠲᠤ ᠬᠡᠰᠡᠭ᠂ ᠬᠢᠩᠭ᠋ᠠᠨ ᠤ ᠪᠠᠷᠠᠭᠤᠨ ᠬᠡᠰᠡᠭ᠂ ᠬᠦᠯᠦᠨ ᠪᠤᠢᠢᠷ ᠤᠨ ᠶᠡᠬᠡᠩᠬᠢ ᠬᠡᠰᠡᠭ ᠲᠤ ᠬᠢᠷᠠᠭᠤ ᠤᠨᠠᠨ᠎ᠠ᠃

    9 ᠰᠠᠷ᠎ᠠ ᠶᠢᠨ 28 ᠤ ᠡᠲᠦᠷ ᠤᠨ 8᠄ 00 ᠴᠠᠭ ᠡᠴᠡ 9 ᠰᠠᠷ᠎ᠠ ᠶᠢᠨ 29 ᠤ ᠡᠲᠦᠷ ᠤᠨ 8᠄ 00 ᠴᠠᠭ ᠪᠤᠯᠲᠠᠯ᠎ᠠ ᠪᠤᠭᠤᠲᠤ ᠶᠢᠨ ᠡᠮᠦᠨ᠎ᠡ ᠬᠡᠰᠡᠭ᠂ ᠬᠦᠬᠡᠬᠤᠲᠠ ᠶᠢᠨ ᠬᠤᠢᠢᠲᠤ ᠬᠡᠰᠡᠭ᠂ ᠤᠯᠠᠭᠠᠨᠴᠠᠪ ᠤᠨ ᠲᠤᠮᠲᠠ ᠬᠡᠰᠡᠭ᠂ ᠰᠢᠯᠢ ᠶᠢᠨ ᠭᠤᠤᠯ ᠤᠨ ᠪᠠᠷᠠᠭᠤᠨ ᠬᠤᠢᠢᠲᠤ ᠬᠡᠰᠡᠭ ᠲᠤ ᠡᠭᠦᠯᠡᠰᠢᠵᠦ ᠪᠠᠭ᠎ᠠ ᠪᠤᠷᠤᠭᠠᠨ ᠤᠷᠤᠨ᠎ᠠ᠂ ᠪᠤᠰᠤᠳ ᠭᠠᠵᠠᠷ ᠲᠤ ᠡᠭᠦᠯᠡᠰᠢᠨ᠎ᠡ᠃ ᠲᠤᠮᠲᠠ ᠪᠠᠷᠠᠭᠤᠨ ᠬᠡᠰᠡᠭ ᠲᠤ ᠵᠡᠬᠦᠨ ᠡᠴᠡ 34 ᠲᠡᠰ ᠶᠢᠡᠷ ᠰᠠᠯᠬᠢᠯᠠᠵᠤ ᠪᠠᠢᠢᠭᠰᠠᠨ ᠶᠢᠡᠨ ᠪᠠᠷᠠᠭᠤᠨ ᠡᠮᠦᠨ᠎ᠡ ᠡᠴᠨ ᠰᠠᠯᠬᠢᠯᠠᠨ᠎ᠠ᠂ ᠪᠤᠰᠤᠳ ᠭᠠᠵᠠᠷ ᠲᠤ ᠪᠠᠷᠠᠭᠤᠨ ᠡᠴᠡ 45 ᠲᠡᠰ ᠤᠨ ᠰᠠᠯᠬᠢ ᠲᠠᠢ᠃

    9 ᠰᠠᠷ᠎ᠠ ᠶᠢᠨ 29 ᠤ ᠡᠲᠦᠷ ᠤᠨ 8᠄ 00 ᠴᠠᠭ ᠡᠴᠡ 9 ᠰᠠᠷ᠎ᠠ ᠶᠢᠨ 30 ᠤ ᠡᠲᠦᠷ ᠤᠨ 8᠄ 00 ᠴᠠᠭ ᠪᠤᠯᠲᠠᠯ᠎ᠠ ᠤᠷᠲᠤᠰ ᠤᠨ ᠵᠡᠬᠦᠨ ᠬᠤᠢᠢᠲᠤ ᠬᠡᠰᠡᠭ᠂ ᠬᠦᠬᠡᠬᠤᠲᠠ ᠶᠢᠨ ᠡᠮᠦᠨ᠎ᠡ ᠬᠡᠰᠡᠭ᠂ ᠤᠯᠠᠭᠠᠨᠴᠠᠪ ᠤᠨ ᠡᠮᠦᠨ᠎ᠡ ᠬᠡᠰᠡᠭ᠂ ᠰᠢᠯᠢ ᠶᠢᠨ ᠭᠤᠤᠯ ᠤᠨ ᠡᠮᠦᠨ᠎ᠡ ᠬᠡᠰᠡᠭ᠂ ᠤᠯᠠᠭᠠᠨᠬᠠᠲᠠ ᠶᠢᠨ ᠪᠠᠷᠠᠭᠤᠨ ᠬᠤᠢᠢᠲᠤ ᠬᠡᠰᠡᠭ ᠲᠤ ᠡᠬᠦᠯᠡ ᠲᠠᠢ᠂ ᠪᠠᠭ᠎ᠠ ᠪᠤᠷᠤᠭᠠᠨ ᠤᠷᠤᠨ᠎ᠠ᠂ ᠪᠤᠰᠤᠳ ᠭᠠᠵᠠᠷ ᠲᠤ ᠡᠭᠦᠯᠡᠰᠢᠨ᠎ᠡ᠃ ᠲᠤᠮᠲᠠ ᠪᠠᠷᠠᠭᠤᠨ ᠬᠡᠰᠡᠭ ᠲᠤ ᠪᠠᠷᠠᠭᠤᠨ ᠡᠮᠦᠨ᠎ᠡ ᠡᠴᠡ 34 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠡᠴᠡ 45 ᠲᠡᠰ ᠤᠨ ᠰᠠᠯᠬᠢ ᠲᠠᠢ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119634011