蒙古文网站Logo
ᠰᠢᠨᠬᠤᠸᠠ ᠮᠤᠩᠭ᠋ᠤᠯ ᠨᠧᠲ

ᠬᠤᠷᠴᠢᠨ ᠵᠡᠬᠦᠨ ᠭᠠᠷᠤᠨ ᠬᠤᠢᠢᠲᠤ ᠬᠤᠰᠢᠭᠤ᠄ ᠠᠶᠠᠯᠠᠯ ᠵᠢᠭᠤᠯᠴᠢᠯᠠᠯ ᠤᠨ ᠬᠦᠴᠦᠷᠭᠡᠭ᠌ ᠬᠤᠰᠢᠭᠤ ᠶᠢ ᠪᠠᠢᠢᠭᠤᠯᠤᠨ᠎ᠠ

2016-10-06 17:26

    ᠰᠢᠨᠬᠤᠸᠠ ᠮᠤᠩᠭ᠋᠋ᠤᠯ ᠨᠧᠲ  ᠲᠦᠩᠯᠢᠶᠤᠤ ᠶᠢᠨ 10 ᠰᠠᠷ᠎ᠠ ᠶᠢᠨ 6 ᠤ᠋ ᠡᠲᠦᠷ ᠤᠨ ᠴᠠᠬᠢᠯᠭᠠᠨ ᠮᠡᠲᠡᠭᠡ ( ᠬ · ᠦᠵᠡᠰᠭᠦᠯᠡᠩ) ᠦᠪᠦᠷ ᠮᠤᠨᠭᠭᠤᠯ ᠤᠨ ᠲᠦᠩᠯᠢᠶᠤᠤ ᠬᠤᠲᠠ ᠶᠢᠨ ᠬᠤᠷᠴᠢᠨ ᠵᠡᠬᠦᠨ ᠭᠠᠷᠤᠨ ᠬᠤᠢᠢᠲᠤ ᠬᠤᠰᠢᠭᠤ ᠨᠢ ᠲᠦᠩᠯᠢᠶᠤᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠳᠤᠷᠠᠳᠤᠬᠰᠠᠨ ᠬᠤᠷᠴᠢᠨ ᠤ 500 ᠺᠢᠯᠤᠮᠧᠲ᠋ᠷ ᠤᠨ ᠠᠶᠠᠯᠠᠯ ᠵᠢᠭᠤᠯᠴᠢᠯᠠᠯ ᠤᠨ ᠱᠤᠭᠤᠮ ᠢ ᠪᠠᠢᠢᠭᠤᠯᠬᠤ ᠶᠡᠷᠦᠩᠬᠡᠢ ᠲᠦᠰᠦᠯ᠂ ᠪᠠᠢᠢᠷᠢᠯᠠᠭᠤᠯᠤᠯᠲᠠ ᠶᠢᠨ ᠶᠤᠰᠤᠭᠠᠷ᠂ ᠲᠠᠯ᠎ᠠ ᠨᠤᠲᠤᠭ᠂ ᠡᠯᠡᠰᠦᠷᠬᠡᠭ᠌ ᠭᠠᠵᠠᠷ᠂ ᠨᠤᠭᠤ ᠭᠠᠵᠠᠷ ᠵᠡᠷᠭᠡ ᠪᠠᠢᠢᠭᠠᠯᠢ ᠶᠢᠨ ᠦᠩᠭᠡ ᠦᠵᠡᠮᠵᠢ ᠪᠠ ᠮᠤᠩᠭ᠋᠋ᠤᠯ ᠵᠠᠩ ᠦᠢᠯᠡ᠂ ᠬᠤᠷᠴᠢᠨ ᠠᠷᠠᠳ ᠤᠨ ᠲᠠᠭᠤᠤ ᠵᠡᠷᠭᠡ ᠦᠪᠡᠷᠮᠢᠴᠡ ᠰᠤᠶᠤᠯ ᠢ ᠠᠶᠠᠯᠠᠯ ᠵᠢᠭᠤᠯᠴᠢᠯᠠᠯ ᠲᠠᠢ ᠠᠭᠤᠰᠤᠯᠴᠠᠭᠤᠯᠵᠤ᠂ ᠲᠦᠰᠦᠯ ᠤᠨ ᠪᠠᠢᠢᠭᠤᠯᠤᠯᠲᠠ᠂ ᠦᠵᠡᠮᠵᠢ ᠶᠢᠨ ᠤᠷᠤᠨ ᠢ ᠨᠡᠬᠡᠬᠡᠨ ᠬᠦᠭ᠍ᠵᠢᠬᠦᠯᠬᠦ᠂ ᠤᠬᠠᠭᠤᠯᠤᠨ ᠰᠤᠷᠲᠠᠯᠴᠢᠯᠠᠬᠤ᠂ ᠠᠶᠠᠯᠠᠯ ᠵᠢᠭᠤᠯᠴᠢᠯᠠᠯ ᠶᠢᠡᠷ ᠶᠠᠲᠠᠭᠤ ᠶᠢ ᠲᠡᠳᠬᠦᠬᠦ᠂ ᠠᠷᠠᠯᠵᠢᠶᠠᠴᠢᠨ ᠤᠷᠢᠵᠤ ᠬᠦᠷᠦᠩᠬᠡ ᠤᠷᠤᠭᠤᠯᠬᠤ ᠵᠡᠷᠭᠡ ᠠᠷᠭ᠎ᠠ ᠪᠡᠷ ᠪᠦᠬᠦ ᠬᠦᠴᠦᠨ ᠶᠢᠡᠷ ᠠᠶᠠᠯᠠᠯ ᠵᠢᠭᠤᠯᠴᠢᠯᠠᠯ ᠤᠨ ᠠᠵᠤ ᠦᠢᠯᠡᠰ ᠤᠨ ᠲᠦᠷᠭᠡᠨ ᠬᠦᠭ᠍ᠵᠢᠯᠲᠠ ᠶᠢ ᠠᠬᠢᠭᠤᠯᠵᠤ ᠪᠠᠢᠢᠨ᠎ᠠ᠃

    ᠠᠶᠠᠯᠠᠯ ᠵᠢᠭᠤᠯᠴᠢᠯᠠᠯ ᠤᠨ ᠭᠤᠤᠯᠯᠠᠬᠤ ᠡᠳ᠋ ᠤᠨ ᠵᠠᠰᠠᠬ ᠤᠨ ᠭᠦᠢᠴᠡᠳᠭᠡᠬᠦ ᠲᠤᠭ᠎ᠠ ᠨᠤᠷᠮ᠎ᠠ ᠦᠷᠭᠦᠯᠵᠢᠯᠡᠨ ᠨᠡᠮᠡᠭᠲᠡᠪᠡ

    2016 ᠤᠨ ᠤ 6 ᠰᠠᠷ᠎ᠠ ᠶᠢᠨ ᠡᠬᠢᠨ ᠤ ᠠᠷᠪᠠᠨ ᠬᠤᠨᠤᠭ ᠪᠤᠯᠲᠠᠯ᠎ᠠ᠂ ᠪᠦᠬᠦ ᠬᠤᠰᠢᠭᠤ ᠪᠡᠷ ᠶᠢᠡᠨ ᠤᠯᠤᠰ ᠤᠨ ᠲᠤᠲᠤᠭᠠᠲᠤ ᠭᠠᠲᠠᠭᠠᠲᠤ ᠶᠢᠨ 51.3 ᠲᠦᠮᠡᠨ ᠵᠢᠭᠤᠯᠴᠢᠳ ᠢ ᠤᠬᠲᠤᠵᠦ᠂ ᠦᠩᠭᠡᠷᠡᠭᠰᠡᠨ ᠤᠨ ᠤ ᠮᠦᠨ ᠦᠶ᠎ᠡ ᠡᠴᠡ 9.1% ᠪᠡᠷ ᠨᠡᠮᠡᠭᠲᠡᠵᠦ᠂ ᠠᠶᠠᠯᠠᠯ ᠵᠢᠭᠤᠯᠴᠢᠯᠠᠯ ᠤᠨ ᠤᠷᠤᠯᠭ᠎᠎ᠠ 4.12 ᠳ᠋ᠦᠩᠰᠢᠭᠤᠷ ᠲᠦᠭᠦᠷᠢᠭ᠌ ᠢ ᠪᠡᠶᠡᠯᠡᠬᠦᠯᠦᠨ᠂ ᠦᠩᠭᠡᠷᠡᠭᠰᠡᠨ ᠤᠨ ᠤ ᠮᠦᠨ ᠦᠶ᠎ᠡ ᠡᠴᠡ 9.8%  ᠪᠡᠷ ᠨᠡᠮᠡᠭᠲᠡᠪᠡ᠂ ᠲᠦᠰᠦᠭᠡᠯᠡᠬᠦ ᠪᠡᠷ ᠵᠢᠯ ᠤᠨ ᠡᠴᠦᠰ ᠪᠤᠯᠲᠠᠯ᠎ᠠ ᠵᠢᠭᠤᠯᠴᠢᠳ ᠳᠠᠪᠬᠤᠷᠳᠠᠬᠰᠠᠨ ᠲᠤᠭ᠎ᠠ ᠪᠡᠷ130 ᠲᠦᠮᠡ  ᠳ᠋ᠤ ᠬᠦᠷᠴᠦ᠂ ᠠᠶᠠᠯᠠᠯ ᠵᠢᠭᠤᠯᠴᠢᠯᠠᠯ ᠤᠨ ᠤᠷᠤᠯᠭ᠎ᠠ 11 ᠳ᠋ᠦᠩᠰᠢᠭᠤᠷ ᠲᠦᠭᠦᠷᠢᠭ᠌ ᠲᠤ ᠬᠦᠷᠦᠨ᠎ᠠ᠃

    ᠦᠵᠡᠮᠤᠷᠢ ᠶᠢᠨ ᠪᠦᠰᠡ ᠶᠢᠨ ᠲᠡᠳ᠋ ᠪᠦᠲᠦᠴᠡ ᠶᠢᠨ ᠪᠠᠢᠢᠭᠤᠯᠤᠯᠲᠠ ᠪᠠᠨ ᠴᠢᠨᠭᠭᠠᠳᠬᠠᠪᠠ

    ᠴᠦᠩᠬᠦᠯ ᠤᠨ ᠭᠤᠤ ᠶᠢᠨ ᠠᠶᠠᠯᠠᠯ ᠵᠢᠭᠤᠯᠴᠢᠯᠠᠯ ᠤᠨ ᠪᠦᠰᠡ ᠵᠢ ᠤᠯᠤᠰ ᠤᠨ 5A ᠵᠡᠷᠭᠡᠯᠡᠯ ᠤᠨ ᠠᠶᠠᠯᠠᠯ ᠵᠢᠭᠤᠯᠴᠢᠯᠠᠯ ᠤᠨ ᠪᠦᠰᠡ ᠪᠤᠯᠭᠠᠨ ᠪᠠᠶᠢᠭᠤᠯᠵᠦ ᠡᠬᠢᠯᠡᠭᠰᠡᠨ ᠡᠴᠡ ᠨᠠᠭᠠᠰᠢ᠂ ᠦᠵᠡᠮᠦᠷᠢ ᠶᠢᠨ ᠪᠦᠰᠡ ᠶᠢᠨ ᠵᠠᠮ᠂ ᠲᠡᠮᠲᠡᠭ ᠶᠢᠡᠷ ᠬᠠᠷᠠᠭᠤᠯᠤᠭᠴᠢ᠂ ᠮᠠᠰᠢᠨ ᠤ ᠵᠤᠭᠰᠤᠭᠠᠯ ᠵᠡᠷᠭᠡ ᠶᠢ ᠪᠠᠢᠢᠭᠤᠯᠬᠤ ᠠᠵᠢᠯ ᠢ ᠡᠷᠴᠢᠮᠲᠡᠢ ᠬᠢᠵᠦ ᠪᠤᠢ᠃ ᠠᠭᠤᠯᠠ ᠠᠶᠠᠯᠠᠯ ᠵᠢᠭᠤᠯᠴᠢᠯᠠᠯ ᠤᠨ ᠪᠦᠰᠡ ᠵᠢ ᠤᠯᠤᠰ ᠤᠨ 3A ᠵᠡᠷᠭᠡᠯᠡᠯ ᠤᠨ ᠠᠶᠠᠯᠠᠯ ᠵᠢᠭᠤᠯᠴᠢᠯᠠᠯ ᠤᠨ ᠪᠦᠰᠡ ᠪᠤᠯᠭᠠᠬᠤ ᠪᠡᠷ ᠡᠷᠡᠮᠡᠯᠵᠡᠵᠦ᠂ ᠤᠯᠤᠰ ᠤᠨ ᠵᠡᠷᠭᠡᠯᠡᠯ ᠤᠨ ᠰᠤᠶᠤᠯ ᠵᠢᠭᠤᠯᠴᠢᠯᠠᠯ ᠤᠨ ᠨᠡᠷᠡᠲᠦ ᠪᠠᠯᠭᠠᠰᠤ ᠪᠤᠯᠭᠠᠨ ᠪᠦᠲᠦᠭᠡᠨ ᠪᠠᠢᠢᠭᠤᠯᠬᠤ ᠪᠡᠷ ᠬᠦᠴᠦᠯᠡᠵᠦ ᠪᠤᠢ᠃ ᠡᠭᠦᠨ ᠡᠴᠡ ᠭᠠᠲᠠᠨ᠎ᠠ ᠤᠲᠠᠨᠲᠠᠯ᠎ᠠ ᠤᠢ ᠰᠢᠭᠤᠢ ᠶᠢᠨ ᠲᠠᠯᠠᠪᠠᠢ᠂ ᠰᠤᠭᠤ ᠶᠢᠨ ᠡᠯᠡᠰᠦᠨ ᠤ ᠵᠢᠭᠤᠯᠴᠢᠯᠠᠯ ᠤᠨ ᠪᠦᠰᠡ᠂ ᠰᠡᠩᠭᠡᠷᠢᠨᠴᠢᠨ ᠤ ᠸᠠᠩ ᠤᠨ ᠤᠷᠲᠤᠨ ᠵᠡᠷᠭᠡ ᠠᠶᠠᠯᠠᠯ ᠵᠢᠭᠤᠯᠴᠢᠯᠠᠯ ᠤᠨ ᠪᠦᠰᠡ ᠶᠢ ᠪᠠᠢᠢᠭᠤᠯᠬᠤ᠂ ᠰᠢᠨᠡᠳᠭᠡᠨ ᠵᠠᠰᠠᠬᠤ᠂ ᠦᠷᠭᠡᠳᠭᠡᠬᠦ ᠵᠡᠷᠭᠡ ᠠᠵᠢᠯ ᠢ ᠲᠦᠷᠭᠡᠳᠬᠡᠵᠦ ᠪᠠᠶᠢᠨ᠎ᠠ᠃

    ᠠᠶᠠᠯᠠᠯ ᠵᠢᠭᠤᠯᠴᠢᠯᠠᠯ ᠤᠨ ᠤᠬᠠᠭᠤᠯᠭ᠎ᠠ ᠰᠤᠷᠲᠠᠯᠴᠢᠯᠠᠭ᠎ᠠ ᠵᠢ ᠰᠠᠶᠢᠵᠢᠷᠠᠭᠤᠯᠪᠠ

    ᠰᠡᠭᠦᠯ ᠤᠨ ᠦᠶ᠎ᠠ ᠳ᠋ᠤ᠂ ᠬᠤᠷᠴᠢᠨ ᠵᠡᠬᠦᠨ ᠭᠠᠷᠤᠨ ᠬᠤᠢᠢᠲᠤ ᠬᠤᠰᠢᠭᠤ ᠠᠶᠠᠯᠠᠯ ᠵᠢᠭᠤᠯᠴᠢᠯᠠᠯ ᠤᠨ ᠤᠬᠠᠭᠤᠯᠭ᠎ᠠ ᠰᠤᠷᠲᠠᠯᠴᠢᠯᠠᠭ᠎ᠠ ᠪᠠᠨ ᠲᠠᠰᠤᠷᠠᠯᠲᠠ ᠦᠭᠡᠢ ᠴᠢᠩᠭ᠋᠋ᠠᠳᠬᠠᠨ᠂ ᠰᠤᠶᠤᠯ ᠤᠨ ᠠᠭᠤᠯᠠᠬᠤᠨ ᠲᠠᠢ ᠠᠵᠢᠯᠯᠠᠭ᠎ᠠ ᠦᠷᠨᠢᠬᠦᠯᠬᠦ ᠪᠡᠷ ᠲᠠᠮᠵᠢᠨ ᠠᠶᠠᠯᠠᠯ ᠵᠢᠭᠤᠯᠴᠢᠯᠠᠯ ᠤᠨ ᠠᠯᠲᠠᠷᠰᠢᠯ ᠢᠶᠡᠨ ᠲᠡᠭᠡᠭ᠍ᠰᠢᠯᠡᠬᠦᠯᠵᠦ ᠪᠤᠢ᠃ 《ᠱᠤᠩᠬᠤᠷ ᠤᠨ ᠴᠤᠭᠯᠠᠭᠠᠨ》ᠪᠤᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ  ᠤ ᠠᠶᠠᠯᠠᠯ ᠵᠢᠭᠤᠯᠴᠢᠯᠠᠯ ᠤᠨ ᠤᠤᠭᠠᠯ ᠨᠡᠷᠡᠲᠦ ᠲᠡᠮᠲᠡᠭᠲᠦ ᠮᠦᠨ᠃ ᠵᠢᠯ ᠪᠤᠯᠭᠠ ᠶᠠᠪᠤᠬᠳᠠᠳᠠᠬ《ᠱᠤᠩᠬᠤᠷ ᠤᠨ ᠴᠤᠭᠯᠠᠭᠠᠨ》ᠨᠢ ᠠᠭᠤᠯᠠ ᠠᠪᠠᠷᠢᠬᠤ᠂ ᠠᠷᠠᠳ ᠤᠨ ᠲᠠᠭᠤᠤ ᠶᠢᠨ ᠲᠡᠮᠡᠴᠡᠭᠡᠨ ᠵᠡᠷᠭᠡ ᠮᠤᠩᠭ᠋᠋ᠤᠯ ᠦᠨᠳᠦᠰᠦᠲᠡᠨ ᠤ ᠵᠠᠩ ᠦᠢᠯᠡ᠂ ᠤᠷᠤᠨ ᠨᠤᠲᠤᠭ ᠤᠨ ᠲᠡᠦᠬᠡ ᠰᠤᠶᠤᠯ ᠢ ᠭᠦᠢᠴᠡᠳ ᠬᠠᠷᠠᠭᠤᠯᠤᠭᠰᠠᠨ ᠪᠠᠶᠠᠯᠢᠭ ᠠᠭᠤᠯᠭ᠎ᠠ ᠲᠠᠢ ᠠᠷᠭ᠎ᠠ ᠬᠡᠮᠵᠢᠶ᠎ᠡ ᠨᠤᠭᠦᠳ ᠢ ᠵᠤᠬᠢᠶᠠᠨ ᠪᠠᠶᠢᠭᠤᠯᠳᠠᠬ᠃

    ᠠᠶᠠᠯᠠᠯ ᠵᠢᠭᠤᠯᠴᠢᠯᠠᠯ ᠤᠨ ᠵᠠᠬ᠎ᠠ ᠵᠡᠭᠡᠯᠢ ᠶᠢᠨ ᠠᠶᠤᠯᠭᠦᠢ ᠵᠢ ᠪᠠᠲᠤᠯᠠᠪᠠ

    ᠠᠮᠤᠷ ᠲᠦᠪᠰᠢᠨ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭᠠᠲᠤ ᠲᠦᠷᠢᠮ ᠢ ᠬᠡᠷᠡᠭᠵᠢᠬᠦᠯᠵᠦ᠂ ᠲᠤᠭᠲᠠᠭᠰᠠᠨ ᠬᠤᠭᠤᠴᠠᠭ᠎ᠠ ᠲᠠᠢ ᠪᠡᠷ ᠴᠦᠩᠬᠦᠯ ᠤᠨ ᠭᠤᠤ᠂ ᠠᠭᠤᠯᠠ᠂ ᠰᠤᠭᠤ ᠶᠢᠨ ᠡᠯᠡᠰᠦ ᠵᠡᠷᠭᠡ ᠦᠵᠡᠮᠵᠢ ᠶᠢᠨ ᠪᠦᠰᠡ ᠶᠢᠨ ᠠᠶᠤᠯᠭᠦᠢ ᠶᠢᠨ ᠬᠢᠨᠠᠨ ᠬᠠᠮᠢᠶᠠᠷᠤᠯᠲᠠ ᠵᠢ ᠴᠢᠩᠭ᠋᠋ᠠᠳᠬᠠᠵᠤ᠂ ᠤᠰᠤᠯ ᠭᠠᠷᠬᠤ ᠡᠴᠡ ᠰᠡᠷᠭᠡᠢᠢᠯᠡᠵᠦ ᠪᠠᠢᠢᠨ᠎ᠠ᠃

ᠢᠷᠡᠯᠳᠡ᠄ ᠰᠢᠨᠬᠤᠸᠠ ᠮᠤᠩᠭ᠋᠋ᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119667880