微信打开
蒙古文网站Logo
ᠰᠢᠨᠬᠤᠸᠠ ᠮᠤᠩᠭ᠋ᠤᠯ ᠨᠧᠲ

ᠳᠦᠷᠪᠡᠳ᠄ ᠦᠨᠳᠦᠰᠦᠳᠡᠨ ᠤ ᠤᠯᠠᠮᠵᠢᠯᠠᠯᠳᠤ ᠰᠤᠶᠤᠯ ᠢᠶᠡᠨ ᠦᠪᠯᠡᠵᠤ ᠦᠨᠳᠦᠰᠦᠳᠡᠨ ᠤ ᠰᠤᠷᠭᠠᠨ ᠬᠦᠮᠦᠵᠢᠯ ᠤᠨ ᠰᠢᠨ᠎ᠡ ᠶᠢ ᠡᠬᠦᠳᠦᠨᠡᠮ

2016-10-18 16:34

ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ᠠᠩᠬ᠎ᠠ ᠬᠤᠶᠠᠷ ᠤᠨ ᠭᠤᠷᠪᠠ ᠶᠢᠨ ᠠᠩᠬᠢ ᠶᠢᠨ ᠰᠤᠷᠤᠭᠴᠢᠳ ᠤᠨ ᠮᠤᠩᠭᠤᠯ ᠬᠡᠯᠡᠨ ᠤ ᠬᠢᠴᠢᠶᠡᠯ ᠲᠡᠭᠡᠷ᠎ᠡ ᠪᠡᠨ ᠤᠩᠰᠢᠬᠰᠡᠨ《ᠮᠢᠨᠦ ᠨᠤᠳᠤᠭ》ᠬᠡᠮᠡᠬᠦ ᠰᠢᠯᠦᠭ ᠢ ᠠᠦ᠋ᠳᠢᠣ᠋ ᠶᠢᠨ ᠬᠡᠯᠪᠡᠷᠢ ᠪᠡᠷ ᠲᠠ ᠪᠦᠬᠦᠨ ᠳᠤ ᠬᠦᠷᠬᠡᠯ᠎ᠡ᠂ ᠲᠠᠭᠠᠯᠠᠨ ᠰᠤᠨᠤᠰᠤᠭᠠᠷᠠᠢ﹗    

    ᠰᠢᠨᠬᠤᠧᠠ ᠮᠤᠩᠭᠤᠯ ᠨᠧᠲ ᠬᠦᠬᠡᠬᠤᠳᠠ ᠶᠢᠨ 10 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠬᠡ (ᠪᠠᠢ ᠯᠢᠩ ᠳ᠋ᠢ)ᠲᠦᠷᠪᠡᠳ ᠮᠤᠩᠭᠤᠯ ᠦᠨᠳᠦᠰᠦᠲᠡᠨ ᠤ ᠦᠪᠡᠷᠳᠡᠬᠡᠨ ᠵᠠᠰᠠᠬᠤ ᠰᠢᠶᠠᠨ ᠨᠢ ᠬᠠᠷᠠᠮᠦ᠋ᠷᠡᠨ ᠮᠤᠵᠢ ᠶᠢᠨ ᠴᠤᠷ ᠤᠨ ᠭᠠᠭᠴᠠ ᠴᠦᠬᠡᠨ ᠲᠤᠭᠠᠳᠤ ᠦᠨᠳᠤᠰᠦᠲᠡᠨ ᠤ ᠦᠪᠡᠷᠳᠡᠬᠡᠨ ᠵᠠᠰᠠᠬᠤ ᠰᠢᠶᠠᠨ ᠪᠤᠯᠤᠭᠰᠠᠨ ᠤ ᠬᠤᠪᠢ ᠳᠤ 7 ᠮᠤᠩᠭᠤᠯ ᠦᠨᠳᠦᠰᠦᠲᠡᠨ ᠤ ᠰᠢᠶᠠᠩ᠂ 28 ᠮᠤᠩᠭᠤᠯ ᠦᠨᠳᠦᠰᠦᠲᠡᠨ ᠤ ᠲᠤᠰᠬᠤᠨ ᠲᠠᠢ᠂ ᠮᠤᠩᠭᠤᠯ ᠦᠨᠳᠦᠰᠦᠲᠡᠨ ᠤ ᠢᠷᠬᠡᠨ 4.55 ᠲᠦᠮᠡ ᠪᠠᠶᠢᠵᠤ᠂ ᠰᠢᠶᠠᠨ ᠤ ᠢᠷᠬᠡᠳ ᠤᠨ 18.2% ᠢ ᠡᠵᠡᠯᠡᠳᠡᠭ᠃

    ᠲᠦᠷᠪᠡᠳ ᠰᠢᠶᠠᠨ ᠤ ᠰᠤᠷᠭᠠᠨ ᠬᠦᠮᠦᠵᠢᠯ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠦᠨᠳᠤᠰᠤᠲᠠᠨ ᠤ ᠰᠣᠷᠭᠠᠨ ᠬᠦᠮᠦᠵᠢᠯ ᠨᠢ ᠲᠦᠷᠪᠡᠳ ᠨᠤᠳᠤᠭ ᠤᠨ ᠰᠤᠷᠭᠠᠨ ᠬᠦᠮᠦᠵᠢᠯ ᠤᠨ ᠴᠢᠬᠤᠯᠠ ᠪᠦᠷᠢᠯᠳᠤᠭᠦᠨ ᠬᠡᠰᠡᠭ ᠪᠠᠶᠢᠵᠤ ᠤᠯᠠᠨ ᠵᠢᠯ ᠤᠨ ᠲᠤᠷᠰᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠴᠡ ᠮᠠᠰᠢ ᠴᠢᠬᠤᠯᠠᠴᠢᠯᠠᠨ ᠦᠵᠡᠵᠤ᠂ ᠬᠦᠭ᠍ᠵᠢᠯᠲᠡ ᠶᠢᠨ ᠳᠦᠰᠦᠯ ᠤᠨ ᠢᠶᠡᠨ ᠡᠮᠦᠨ᠎ᠡ ᠪᠠᠶᠢᠷᠢᠨ ᠳᠤ ᠲᠠᠯᠪᠢᠭᠰᠠᠭᠠᠷ ᠢᠷᠡᠵᠡᠢ᠃ ᠰᠢᠶᠠᠨ ᠡᠴᠡ ᠮᠤᠩᠭᠤᠯ ᠦᠨᠳᠦᠰᠦᠲᠡᠨ ᠤ ᠰᠠᠭᠤᠷᠢᠰᠢᠯ ᠤᠨ ᠰᠢᠶᠠᠩ ᠪᠠᠯᠭᠠᠰᠤᠨ ᠳᠤ ᠬᠦᠷᠳᠡᠯ᠎ᠡ ᠡᠩ ᠤᠨ ᠰᠤᠷᠭᠠᠨ ᠬᠦᠮᠦᠵᠢᠯ ᠤᠨ ᠰᠠᠭᠤᠷᠢᠨ ᠲᠡᠭᠡᠷ᠎ᠡ ᠴᠡᠴᠡᠷᠯᠢᠭ᠂ ᠪᠠᠭ᠎ᠠ ᠰᠤᠷᠭᠠᠭᠤᠯᠢ᠂ ᠲᠤᠮᠳᠠᠳᠤ ᠰᠤᠷᠭᠠᠭᠤᠯᠢ ᠪᠤᠯᠤᠨ ᠪᠦᠷᠢᠨ ᠲᠤᠮᠳᠠᠳᠤ ᠰᠤᠷᠭᠠᠭᠤᠯᠢ ᠵᠡᠷᠬᠡ ᠦᠨᠳᠦᠰᠤᠳᠡᠨ ᠤ ᠰᠤᠷᠭᠠᠨ ᠬᠦᠮᠦᠵᠢᠯ ᠤᠨ ᠰᠢᠰᠲ᠋ᠧᠮ ᠢ ᠪᠦᠷᠢᠯᠳᠤᠬᠦᠯᠵᠤ᠂ ᠵᠢᠭᠠᠨ ᠰᠤᠷᠭᠠᠯᠳᠠ ᠶᠢᠨ ᠲᠤᠨᠤᠭ ᠲᠦᠭᠦᠬᠡᠷᠦᠮᠵᠢ ᠶᠢᠨ ᠲᠠᠯ᠎ᠠ ᠪᠡᠷ ᠰᠠᠶᠢᠵᠢᠷᠠᠭᠤᠯᠤᠨ ᠰᠢᠯᠢᠳᠡᠭ ᠪᠠᠭᠰᠢ ᠶᠢᠨ ᠡᠩᠨᠡᠬᠡ ᠶᠢ ᠪᠠᠶᠢᠭᠤᠯᠬᠤ ᠶᠢᠨ ᠲᠠᠭᠠᠤ ᠴᠢᠨᠠᠷ ᠪᠤᠯᠤᠨ ᠬᠠᠮᠢᠶᠠᠷᠤᠯᠳᠠ ᠪᠠᠨ ᠴᠢᠩᠭ᠋᠋ᠠᠳᠬᠪᠠ᠃ ᠮᠦᠨ ᠤᠯᠠᠨ ᠵᠢᠯ ᠤᠨ ᠲᠤᠷᠰᠢ᠂ ᠵᠢᠭᠠᠨ ᠰᠤᠷᠭᠠᠯᠳᠠ ᠶᠢᠨ ᠲᠠᠯ᠎ᠠ ᠪᠡᠷ ᠬᠢ ᠰᠦᠪᠡ᠌ᠭ᠍ᠴᠢᠯᠡᠯ ᠪᠤᠯᠤᠨ ᠦᠢᠯᠡᠳᠤᠯᠬᠡ ᠪᠡᠷ ᠮᠤᠩᠭᠤᠯ ᠢᠶᠡᠷ ᠬᠢᠴᠢᠶᠡᠯᠯᠡᠵᠤ ᠬᠢᠳᠠᠳ ᠬᠡᠯᠡ ᠶᠢ ᠨᠡᠮᠡᠵᠤ ᠵᠢᠭᠠᠬᠤ᠂ ᠬᠢᠳᠠᠳ ᠢᠶᠡᠷ ᠬᠢᠴᠢᠶᠡᠯᠯᠡᠵᠤ ᠮᠤᠩᠭᠤᠯ ᠬᠡᠯᠡ ᠶᠢ ᠨᠡᠮᠡᠵᠤ ᠵᠢᠭᠠᠬᠤ ᠰᠤᠷᠭᠠᠯᠳᠠ ᠶᠢᠨ ᠬᠤᠶᠠᠷ ᠵᠠᠭᠪᠤᠷ ᠢ ᠪᠦᠷᠢᠯᠳᠤᠬᠦᠯᠵᠡᠢ᠃ ᠡᠬᠦᠨ ᠡᠴᠡ ᠭᠠᠳᠠᠨ᠎ᠠ᠂ ᠰᠤᠷᠭᠠᠭᠤᠯᠢ ᠶᠢᠨ ᠰᠤᠶᠤᠯ ᠤᠨ ᠪᠠᠶᠢᠭᠤᠯᠤᠯᠳᠠ ᠶᠢ ᠰᠠᠶᠢᠳᠤᠷ ᠬᠢᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠬᠦᠭᠵᠢᠯᠳᠡ ᠳᠤ ᠢᠳᠡᠪᠬᠢᠲᠡᠢ ᠨᠦᠬᠦᠴᠡᠯ ᠪᠤᠯᠤᠮᠵᠢ ᠬᠠᠩᠭᠠᠪᠠ᠃ᠤᠳᠤ ᠪᠤᠯᠬᠤ ᠳᠤ ᠪᠦᠬᠦ ᠰᠢᠶᠠᠨ ᠳᠤ 30 ᠮᠤᠩᠭᠤᠯ ᠰᠤᠷᠭᠠᠭᠤᠯᠢ᠂ ᠨᠡᠶᠢᠲᠡ 4420 ᠮᠤᠩᠭᠤᠯ ᠰᠤᠷᠤᠭᠴᠢ᠂ ᠮᠤᠩᠭᠤᠯ ᠬᠡᠯᠡᠨ ᠤ 69 ᠲᠤᠰᠬᠠᠢ ᠪᠠᠭᠰᠢ ᠲᠠᠢ ᠪᠤᠯᠪᠠ᠃

    ᠲᠦᠷᠪᠡᠳ ᠰᠢᠶᠠᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠪᠤᠳᠠᠳᠠᠢ ᠪᠠᠶᠢᠳᠠᠯ ᠲᠠᠢ ᠳᠠᠨᠢᠯᠴᠠᠬᠤ ᠪᠡᠷ ᠰᠢᠶᠠᠨ ᠤ ᠮᠤᠩᠭᠤᠯ ᠦᠨᠳᠦᠰᠦᠲᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ᠂ ᠮᠤᠩᠭᠤᠯ ᠦᠨᠳᠦᠰᠦᠲᠡᠨ ᠤ ᠲᠤᠮᠳᠠᠳᠤ ᠰᠤᠷᠭᠠᠭᠤᠯᠢ ᠳᠤ ᠳᠤᠰᠬᠠᠶᠢᠯᠠᠨ ᠰᠤᠷᠪᠤᠯᠵᠢᠯᠠᠬᠤ ᠪᠡᠷ ᠬᠦᠷᠦᠭᠰᠡᠨ ᠪᠢᠯᠡ᠃

    ᠲᠦᠷᠪᠡᠳ ᠰᠢᠶᠠᠨ ᠪ ᠮᠣᠩᠭᠣᠯ ᠦᠨᠳᠤᠰᠤᠲᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ

    《ᠦᠨᠳᠦᠰᠦᠲᠡᠨ ᠤ ᠰᠤᠷᠭᠠᠨ ᠬᠦᠮᠦᠵᠢᠯ ᠤᠨ ᠰᠢᠨ᠎ᠡ ᠶᠢ ᠡᠬᠦᠳᠤᠨ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭ᠍ᠵᠢᠯᠳᠡ ᠶᠢ ᠠᠬᠢᠭᠤᠯᠬᠤ》 ᠪᠡᠷ ᠵᠤᠷᠢᠯᠳᠠ ᠪᠤᠯᠭᠠᠭᠰᠠᠨ ᠳᠦᠷᠪᠡᠳ ᠰᠢᠶᠠᠨ ᠤ ᠮᠤᠩᠭᠤᠯ ᠦᠨᠳᠦᠰᠦᠲᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠨᠢ ᠰᠢᠶᠠᠨ ᠤ ᠳᠦᠪ ᠲᠠᠶᠢᠺᠠᠩ ᠪᠠᠯᠭᠠᠰᠤᠨ ᠳᠤ ᠪᠠᠶᠢᠭ᠎ᠠ ᠴᠤᠷ ᠤᠨ ᠭᠠᠭᠴᠠ ᠮᠤᠩᠭᠤᠯ ᠪᠠᠭ᠎ᠠ ᠰᠤᠷᠭᠠᠭᠤᠯᠢ ᠪᠤᠯᠤᠨ᠎ᠠ᠃ ᠰᠤᠷᠭᠠᠭᠤᠯᠢ ᠶᠢᠨ ᠲᠡᠳ᠋ ᠵᠠᠬᠢᠷᠤᠯ ᠲᠦᠡᠭ ᠰᠢᠶᠤᠤ ᠰᠢᠶᠠ ᠶᠢᠨ ᠲᠠᠨᠢᠯᠴᠠᠭᠤᠯᠤᠭᠰᠠᠨ ᠢᠶᠡᠷ᠂ ᠲᠤᠰ ᠰᠤᠷᠭᠠᠭᠤᠯᠢ ᠨᠡᠶᠢᠲᠡ 30 ᠠᠩᠬᠢ᠂ 1876 ᠰᠤᠷᠤᠭᠴᠢ ᠲᠠᠢ᠂ ᠡᠬᠦᠨ ᠳᠤ 7 ᠮᠤᠩᠭᠤᠯ ᠠᠩᠬᠢ᠂ 526ᠮᠤᠩᠭᠤᠯ ᠰᠤᠷᠤᠭᠴᠢ ᠲᠠᠢ᠂ 99 ᠪᠠᠭᠰᠢ ᠶᠢᠨ ᠲᠤᠳᠤᠷ᠎ᠠ 55 ᠨᠢ ᠮᠤᠩᠭᠤᠯ ᠦᠨᠳᠦᠰᠦᠲᠡᠨ ᠤ ᠪᠠᠭᠰᠢ᠃

    ᠳᠤᠰ ᠰᠤᠷᠭᠠᠭᠤᠯᠢ ᠨᠢᠦᠨᠳᠦᠰᠦᠲᠡᠨ ᠤ ᠰᠤᠷᠭᠠᠨ ᠬᠦᠮᠦᠵᠢᠯ ᠢ ᠴᠢᠷᠮᠠᠶᠢᠨ ᠬᠦᠭ᠍ᠵᠢᠬᠦᠯᠵᠤ᠂ ᠮᠤᠩᠭᠤᠯ ᠬᠡᠯᠡᠨ ᠤ ᠵᠢᠭᠠᠨ ᠰᠤᠷᠭᠠᠯᠳᠠ ᠶᠢ ᠲᠠᠰᠤᠷᠠᠯᠳᠠ ᠦᠭᠡᠢ ᠠᠬᠢᠭᠤᠯᠬᠤ ᠪᠡᠷ ᠳᠠᠷᠬᠠᠨ ᠡᠬᠦᠷᠬᠡ ᠪᠡᠨ ᠪᠤᠯᠭᠠᠵᠤ᠂ᠵᠢᠭᠠᠨ ᠰᠤᠷᠭᠠᠯᠳᠠ ᠳᠤ ᠪᠠᠨ ᠲᠡᠮᠵᠢᠯᠭᠡ ᠶᠢᠨ ᠴᠢᠨᠠᠷᠲᠠᠢ ᠮᠤᠩᠭᠤᠯ ᠬᠡᠯᠡᠨ ᠤ ᠦᠬᠡᠰ ᠤᠨ ᠰᠠᠩ ᠤᠨ ᠮᠦᠷᠦᠶᠢᠴᠡᠬᠡᠨ᠂ ᠮᠤᠩᠭᠤᠯ ᠦᠯᠢᠭᠡᠷ ᠤᠨ ᠤᠷᠤᠯᠳᠤᠭᠠᠨ᠂ ᠮᠤᠩᠭᠤᠯ ᠰᠢᠯᠦᠭ ᠤᠨ ᠤᠷᠤᠯᠳᠤᠭᠠᠨ ᠵᠡᠷᠬᠡ ᠠᠵᠢᠯᠯᠠᠭ᠎ᠠ ᠦᠷᠨᠢᠬᠦᠯᠦᠨ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠲᠠᠳᠠᠵᠤ᠂ ᠮᠤᠩᠭᠤᠯ ᠬᠡᠯᠡᠨ ᠤ ᠬᠢᠷᠢ ᠲᠦᠪᠰᠢᠨ ᠢ ᠨᠢ ᠲᠡᠭᠡᠭ᠍ᠰᠢᠯᠡᠬᠦᠯᠦᠨ᠂ ᠰᠤᠷᠭᠠᠭᠤᠯᠢ ᠶᠢᠨ ᠡᠯ᠎ᠡ ᠲᠠᠯ᠎ᠠ ᠶᠢᠨ ᠠᠵᠢᠯᠯᠠᠭ᠎ᠠ ᠳᠤ ᠤᠷᠤᠯᠴᠠᠬᠤ ᠢᠳᠡᠪᠬᠢᠵᠢᠯ ᠢ ᠨᠢ ᠬᠦᠭ᠍ᠵᠢᠬᠡᠵᠤ ᠪᠤᠢ᠃ ᠡᠬᠦᠨ ᠡᠴᠡ ᠭᠠᠳᠠᠨ᠎ᠠ᠂ ᠰᠤᠷᠤᠭᠴᠢᠳ ᠲᠤ ᠦᠨᠳᠦᠰᠦᠲᠡᠨ ᠤ ᠰᠤᠶᠤᠯ ᠢᠶᠡᠨ ᠤᠶᠢᠯᠠᠭᠠᠭᠤᠯᠤᠨ ᠤᠯᠠᠮᠵᠢᠯᠠᠬᠤ ᠵᠤᠷᠢᠯᠭ᠎ᠠ ᠪᠡᠷ ᠮᠤᠷᠢᠨ ᠬᠤᠭᠤᠷ᠂ ᠲᠦᠷᠪᠡᠨ ᠤᠳᠠᠰᠤᠳᠤ ᠬᠤᠭᠤᠷ᠂ ᠦᠨᠳᠦᠰᠦᠲᠡᠨ ᠤ ᠪᠦᠵᠢᠭ᠌᠌᠂ ᠤᠷᠠᠨ ᠪᠢᠴᠢᠯᠬᠡ᠂ ᠭᠠᠷ ᠤᠷᠠᠯᠠᠯ ᠵᠡᠷᠬᠡ ᠲᠤᠷ᠎ᠠ ᠪᠠᠬ᠎ᠠ ᠶᠢᠨ ᠠᠩᠬᠢ (ᠲᠡᠳ᠋ ᠬᠢᠴᠢᠶᠡᠯ) ᠲᠤᠬᠢᠷᠠᠭᠤᠯᠵᠤ᠂ ᠲᠤᠰᠬᠠᠢ ᠮᠡᠷᠬᠡᠵᠢᠯ ᠤᠨ ᠪᠠᠭᠰᠢ ᠵᠠᠯᠠᠨ ᠬᠢᠴᠢᠶᠡᠯ ᠤᠷᠤᠭᠤᠯᠵᠤ᠂ ᠬᠢᠴᠢᠶᠡᠯ ᠤᠨᠭᠠᠳᠠᠨᠠᠬᠢ ᠮᠡᠳᠡᠯᠬᠡᠮᠡᠳᠡᠴᠡ ᠶᠢ ᠨᠢ ᠳᠡᠯᠡᠵᠤ ᠪᠠᠶᠢᠨ᠎ᠠ᠃

    ᠲᠤᠰ ᠰᠤᠷᠭᠠᠭᠤᠯᠢ ᠨᠢ ᠮᠦᠨ ᠤᠯᠤᠰ ᠤᠨ ᠵᠡᠷᠬᠡᠯᠡᠯ ᠤᠨ ᠪᠡᠶᠡᠳᠤ ᠪᠤᠰᠤ ᠰᠤᠶᠤᠯ ᠤᠨ ᠦᠪᠲᠦᠷᠪᠡᠨ ᠤᠳᠠᠰᠤᠳᠤ ᠬᠤᠭᠤᠷ ᠤᠨ ᠤᠯᠠᠮᠵᠢᠯᠠᠬᠤ ᠰᠠᠭᠤᠷᠢᠨ ᠪᠤᠯᠬᠤᠶ ᠤᠮ᠃ ᠤᠳᠤ ᠦᠨᠳᠦᠰᠦᠳᠡᠨ ᠤ ᠤᠨᠴᠠᠯᠢᠭ ᠢᠶᠡᠷ ᠢᠶᠡᠨ ᠢᠯᠭᠠᠭᠳᠠᠬᠤ ᠪᠡᠷ ᠦᠨᠳᠦᠰᠦ ᠪᠤᠯᠭᠠᠨ᠂ᠢᠷᠬᠡᠳ ᠲᠤ ᠬᠠᠨᠤᠮᠵᠢᠲᠠᠢ ᠰᠤᠷᠭᠠᠭᠤᠯᠢ ᠪᠠᠶᠢᠭᠤᠯᠬᠤ ᠵᠤᠷᠢᠯᠭ᠎ᠠ ᠪᠡᠷ ᠦᠨᠳᠦᠰᠦᠲᠡᠨ ᠤ ᠰᠤᠷᠭᠠᠨ ᠬᠦᠮᠦᠵᠢᠯ ᠤᠨ ᠠᠭᠤᠯᠬᠤᠨ ᠢ ᠠᠭᠤᠳᠠᠯᠤᠨ ᠢᠯᠡᠷᠡᠬᠦᠯᠵᠤ᠂ ᠦᠨᠳᠦᠰᠦᠲᠡᠨ ᠤ ᠰᠤᠷᠭᠠᠨ ᠬᠦᠮᠦᠵᠢᠯ ᠢ ᠦᠷᠭᠡᠳᠬᠡᠨ ᠦᠨᠳᠦᠰᠦᠲᠡᠨ ᠤ ᠵᠢᠱᠢᠶᠡᠴᠢ ᠰᠤᠷᠭᠠᠭᠤᠯᠢ ᠪᠤᠯᠬᠤ ᠪᠡᠷ ᠴᠢᠷᠮᠠᠶᠢᠵᠤ ᠪᠤᠢ᠃

    ᠲᠦᠷᠪᠡᠳ ᠰᠢᠶᠠᠨ ᠤ ᠮᠣᠩᠭᠣᠯ ᠦᠨᠳᠦᠰᠦᠲᠡᠨ ᠤ ᠳᠤᠮᠳᠠᠳᠤ ᠰᠤᠷᠭᠠᠭᠤᠯᠢ

    《ᠬᠢᠴᠢᠶᠡᠨ ᠴᠢᠷᠮᠠᠶᠢᠵᠤ ᠦᠪᠡᠷ ᠢ ᠪᠠᠨ ᠬᠦᠴᠦᠷᠭᠡᠭ᠍ᠵᠢᠬᠦᠯᠬᠦ ᠡᠶ᠎ᠠ ᠨᠠᠶᠢᠷᠠᠮᠳᠠᠭᠤ ᠪᠡᠷ ᠬᠦᠭ᠍ᠵᠢᠬᠦ》 ᠪᠡᠷ ᠰᠤᠷᠭᠠᠭᠤᠯᠢ ᠶᠢᠨ ᠰᠤᠷᠳᠠᠯ ᠪᠤᠯᠭᠠᠭᠰᠠᠨ ᠲᠦᠷᠪᠡᠳ ᠮᠤᠩᠭᠤᠯ ᠦᠨᠳᠦᠰᠦᠲᠡᠨ ᠤ ᠦᠪᠡᠷᠳᠡᠬᠡᠨ ᠵᠠᠰᠠᠬᠤ ᠰᠢᠶᠠᠨ ᠤ ᠮᠤᠩᠭᠤᠯ ᠲᠤᠮᠳᠠᠳᠤ ᠰᠤᠷᠭᠠᠭᠤᠯᠢ ᠨᠢ 1956 ᠤᠨ ᠤ 9 ᠰᠠᠷ᠎ᠠ ᠳᠤ ᠪᠠᠶᠢᠭᠤᠯᠤᠭᠳᠠᠭᠰᠠᠨ ᠰᠢᠶᠠᠨ ᠤ ᠬᠡᠪᠴᠢᠶᠡᠨ ᠡᠴᠡ ᠰᠤᠷᠤᠭᠴᠢ ᠡᠯᠰᠡᠳᠡᠭ ᠪᠦᠷᠢᠨ ᠲᠤᠮᠳᠠᠳᠤ ᠰᠤᠷᠭᠠᠭᠤᠯᠢ ᠪᠤᠯᠤᠨ᠎ᠠ᠃ ᠳᠤᠰ ᠰᠤᠷᠭᠠᠭᠤᠯᠢ ᠳᠤ ᠨᠡᠶᠢᠲᠡ 7 ᠴᠤᠯ ᠮᠤᠩᠭᠤᠯ ᠠᠩᠬᠢ ᠲᠠᠢ᠂ ᠠᠩᠬᠢ ᠪᠦᠷᠢ ᠳᠤ 31 ᠰᠤᠷᠤᠭᠴᠢ ᠲᠠᠢ᠃ ᠮᠤᠩᠭᠤᠯ ᠬᠡᠯᠡ ᠶᠢ ᠨᠡᠮᠡᠵᠤ ᠰᠤᠷᠴᠤ ᠪᠠᠶᠢᠭ᠎ᠠ ᠠᠩᠬᠢ ᠨᠡᠶᠢᠲᠡ 26 ᠪᠠᠶᠢᠳᠠᠭ᠃

    《2005 ᠤᠨ ᠡᠴᠡ ᠨᠠᠭᠠᠰᠢ ᠮᠤᠩᠭᠤᠯ ᠬᠡᠯᠡᠨ ᠤ ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢᠨ ᠠᠵᠢᠯ ᠢ ᠴᠢᠩᠭᠠᠳᠬᠠᠵᠤ᠂ ᠡᠯ᠎ᠡ ᠭᠤᠭᠴᠤᠭ᠎ᠠ ᠶᠢ ᠰᠠᠶᠢᠨ ᠠᠳᠬᠤᠨ᠂ ᠮᠤᠩᠭᠤᠯ ᠠᠩᠬᠢ ᠶᠢᠨ ᠵᠢᠭᠠᠨ ᠰᠤᠷᠭᠠᠯᠳᠠ ᠶᠢ ᠢᠳᠡᠪᠬᠢᠲᠡᠢ ᠰᠦᠪᠡᠭ᠍ᠴᠢᠯᠡᠨ ᠪᠤᠳᠠᠳᠠᠢ ᠪᠠᠶᠢᠳᠠᠯ ᠳᠤ ᠴᠢᠭᠯᠡᠬᠦᠯᠵᠤ ᠰᠤᠷᠬᠤ ᠪᠢᠴᠢᠭ᠌᠌ ᠢ ᠴᠠᠭ ᠲᠤᠬᠠᠢ ᠳᠤ ᠨᠢ ᠰᠢᠨᠡᠴᠢᠯᠡᠨ᠂ ᠵᠢᠭᠠᠨ ᠰᠤᠷᠭᠠᠯᠳᠠ ᠶᠢᠨ ᠬᠢᠷᠢ ᠲᠦᠪᠰᠢᠨ ᠢᠶᠡᠨ ᠲᠡᠭᠡᠭ᠍ᠰᠢᠯᠡᠬᠦᠯᠦᠭᠰᠡᠨ ᠡᠴᠡ ᠰᠤᠷᠤᠭᠴᠢᠳ ᠤᠨ ᠬᠢᠷᠢ ᠪᠦᠲᠦᠮᠵᠢ ᠢᠯᠡᠷᠬᠡᠢ ᠰᠠᠶᠢᠵᠢᠷᠠᠵᠠᠢ᠃ ᠪᠢᠳᠡ ᠮᠤᠩᠭᠤᠯ ᠬᠡᠯᠡᠨ ᠤ ᠰᠤᠨᠤᠰᠬᠤ᠂ ᠶᠠᠷᠢᠬᠤ᠂ᠪᠢᠴᠢᠬᠦ ᠵᠡᠷᠬᠡ ᠶᠡᠷᠦᠩᠬᠡᠶᠢᠯᠡᠭᠰᠡᠨ ᠴᠢᠳᠠᠪᠦᠷᠢ ᠶᠢ ᠴᠢᠬᠤᠯᠠᠴᠢᠯᠠᠨ ᠬᠦᠮᠦᠵᠢᠬᠦᠯᠵᠤ ᠪᠠᠶᠢᠨ᠎ᠠ᠃ ᠤᠶᠢᠷ᠎ᠠ ᠶᠢᠨ ᠵᠢᠯ ᠳᠤ᠂ ᠮᠠᠨ ᠤ ᠰᠤᠷᠭᠠᠭᠤᠯᠢ ᠶᠢᠨ ᠮᠤᠩᠭᠤᠯ ᠠᠩᠬᠢ ᠶᠢᠨ ᠰᠤᠷᠤᠭᠴᠢ ᠶᠢᠨ ᠲᠤᠳᠤᠷ᠎ᠠ ᠡᠴᠡ ᠶᠡᠬᠡ ᠲᠡᠭᠡᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠳᠤ ᠰᠢᠯᠢᠳᠡᠭ ᠬᠢᠷᠢ ᠪᠦᠲᠦᠮᠵᠢ ᠤᠯᠤᠬᠰᠠᠨ ᠰᠤᠷᠤᠬᠴᠢ ᠨᠡᠯᠢᠶᠡᠳ ᠤᠯᠠᠨ ᠲᠤᠳᠤᠷᠠᠵᠤ᠂ ᠰᠢᠶᠠᠨ ᠤ ᠵᠡᠷᠬᠡᠯᠡᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠤᠨ ᠲᠦᠷᠦᠬᠦᠦ ᠮᠠᠩᠯᠠᠶ ᠴᠤ ᠳᠤᠳᠤᠷᠠᠭᠰᠠᠨ᠃ ᠳᠡᠳᠡᠨᠡᠷ ᠤᠨ ᠵᠠᠷᠢᠮ ᠨᠢ ᠵᠧᠵᠢᠶᠠᠩ ᠶᠡᠬᠡ ᠰᠤᠷᠭᠠᠭᠤᠯᠢ᠂ ᠨᠠᠨ ᠺᠠᠢ ᠶᠡᠬᠡ ᠰᠤᠷᠭᠠᠭᠤᠯᠢ ᠵᠡᠷᠬᠡ ᠨᠡᠷᠡᠳᠤ ᠶᠡᠬᠡ ᠰᠤᠷᠭᠠᠭᠤᠯᠢ ᠨᠤᠭᠤᠳ ᠲᠤ ᠡᠯᠰᠡᠭᠳᠡᠭᠰᠡᠨ ᠪᠠᠶᠢᠨ᠎ᠠ》ᠬᠡᠵᠤ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ᠵᠠᠬᠢᠷᠤᠯ ᠵᠦ ᠰᠢᠶᠠ ᠰᠤᠷᠪᠤᠯᠵᠢᠯᠠᠭ᠎ᠠ ᠬᠦᠯᠢᠶᠡᠨ ᠶᠠᠷᠢᠯ᠎ᠠ᠎᠃

    ᠳᠤᠰ ᠰᠤᠷᠭᠠᠭᠤᠯᠢ ᠨᠢ ᠮᠦᠨ ᠤᠯᠤᠰ ᠤᠨ ᠵᠡᠷᠬᠡᠯᠡᠯ ᠤᠨ ᠪᠡᠶᠡᠳᠤ ᠪᠤᠰᠤ ᠰᠤᠶᠤᠯ ᠤᠨ ᠦᠪ ᠲᠦᠷᠪᠡᠨ ᠤᠳᠠᠰᠤᠳᠤ ᠬᠤᠭᠤᠷ ᠤᠨ ᠤᠯᠠᠮᠵᠢᠯᠠᠬᠤ ᠰᠠᠭᠤᠷᠢᠨ ᠪᠤᠯᠤᠭᠰᠠᠨ ᠤ ᠬᠤᠪᠢ ᠳᠤ ᠦᠨᠳᠦᠰᠦᠲᠡᠨ ᠤ ᠰᠤᠶᠤᠯ ᠢᠶᠡᠨ ᠤᠯᠠᠮᠵᠢᠯᠠᠨ ᠬᠦᠭ᠍ᠵᠢᠬᠦᠯᠬᠦ ᠲᠠᠷᠬᠠᠨ ᠡᠬᠦᠷᠬᠡ ᠶᠢ ᠡᠭᠦᠷᠭᠡᠯᠡᠵᠦ ᠶᠠᠪᠤᠨ᠎ᠠ᠃ ᠰᠤᠷᠭᠠᠭᠤᠯᠢ ᠡᠴᠡ ᠮᠤᠷᠢᠨ ᠬᠤᠭᠤᠷ᠂ ᠲᠦᠷᠪᠡᠨ ᠤᠳᠠᠰᠤᠳᠤ ᠬᠤᠭᠤᠷ᠂ ᠤᠷᠠᠨ ᠪᠢᠴᠢᠯᠬᠡ᠂ ᠤᠷᠠᠨ ᠵᠢᠷᠤᠭ᠂ ᠮᠤᠩᠭᠤᠯ ᠲᠠᠭᠤᠤ ᠪᠦᠵᠢᠭ᠌᠌᠂ ᠵᠠᠩ ᠦᠢᠯᠡ ᠵᠡᠷᠬᠡ ᠲᠤᠷ᠎ᠠ ᠪᠠᠬ᠎ᠠ ᠶᠢᠨ ᠬᠢᠴᠢᠶᠡᠯ ᠤᠨ ᠬᠡᠷ ᠲᠤᠬᠢᠷᠠᠭᠤᠯᠵᠤ᠂ ᠳ᠋ᠠᠴᠢᠩ ᠬᠤᠳᠠ ᠶᠢᠨ ᠦᠨᠳᠦᠰᠦᠲᠡᠨ ᠤ ᠲᠠᠭᠤᠤ ᠪᠦᠵᠢᠭ᠌᠌ ᠤᠨ ᠪᠠᠭ ᠡᠴᠡ ᠲᠤᠰᠬᠠᠢ ᠪᠠᠭᠰᠢ ᠤᠷᠢᠨ ᠭᠠᠷᠠᠭ ᠲᠤ ᠲᠦᠷᠪᠡ ᠤᠳᠠᠭᠠᠨ ᠤ ᠬᠢᠴᠢᠶᠡᠯ ᠬᠢᠯᠬᠡᠳᠡᠭ᠃ ᠡᠬᠦᠨ ᠡᠴᠡ ᠭᠠᠳᠠᠨ᠎ᠠ ᠪᠠᠰᠠ ᠪᠦᠬᠡ᠂ ᠰᠤᠷ ᠬᠠᠷᠪᠤᠬᠤ᠂ ᠰᠢᠳᠠᠷ᠎ᠠ ᠵᠡᠷᠬᠡ ᠶᠢᠨ ᠪᠤᠯᠪᠠᠰᠤᠷᠠᠯ ᠤᠨ ᠪᠠᠭ ᠬᠦᠮᠦᠵᠢᠬᠦᠯᠵᠤ ᠪᠠᠶᠢᠨ᠎ᠠ᠃ ᠵᠢᠯ ᠪᠦᠷᠢ ᠶᠢᠨ ᠲᠠᠪᠤᠨ ᠰᠠᠷ᠎ᠠ ᠶᠢᠨ ᠦᠶ᠎ᠡ ᠪᠡᠷ ᠰᠤᠷᠭᠠᠭᠤᠯᠢ ᠡᠴᠡ ᠮᠤᠩᠭᠤᠯ ᠲᠠᠭᠤᠤ᠂ ᠰᠢᠯᠦᠭ᠂ ᠤᠷᠠᠨ ᠪᠢᠴᠢᠯᠬᠡ᠂ ᠦᠨᠳᠦᠰᠦᠳᠡᠨ ᠤ ᠲᠡᠦᠬᠡ ᠶᠢᠨ ᠮᠡᠳᠡᠯᠬᠡ᠂ ᠦᠨᠳᠦᠰᠤᠳᠡᠨ ᠤ ᠤᠷᠠᠨ ᠵᠢᠷᠤᠭ ᠤᠨ ᠦᠵᠡᠬᠦᠯᠦᠯᠬᠡ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠬᠦᠳᠡᠯᠬᠡᠬᠡᠨ ᠵᠡᠷᠬᠡ ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠰᠤᠷᠤᠭᠴᠢᠳ ᠤᠨ ᠮᠤᠩᠭᠤᠯ ᠬᠡᠯᠡᠨ ᠤ ᠪᠠ ᠰᠤᠶᠤᠯ ᠤᠨ ᠤᠷᠴᠢᠨ ᠢ ᠪᠤᠢ ᠪᠤᠯᠭᠠᠬᠤ ᠶᠢᠨ ᠲᠠᠭᠠᠤ ᠦᠨᠳᠦᠰᠦᠳᠡᠨ ᠤ ᠰᠤᠶᠤᠯ ᠢᠶᠡᠨ ᠤᠯᠠᠮᠵᠢᠯᠠᠨ ᠬᠦᠭ᠍ᠵ᠍ᠢᠬᠦᠯᠵᠤ ᠪᠤᠢ᠃

 

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119741321