蒙古文网站Logo
ᠰᠢᠨᠬᠤᠸᠠ ᠮᠤᠩᠭ᠋ᠤᠯ ᠨᠧᠲ

ᠱᠧᠪᠠᠷᠲᠦ ᠪᠠᠯᠭᠠᠰᠤ ᠵᠡᠷᠭᠡ ᠪᠠᠯᠭᠠᠰᠤ ᠤᠯᠤᠰ ᠤᠨ ᠠᠩᠬᠠᠨ ᠤ ᠡᠭᠡᠯᠵᠢ ᠶᠢᠨ 127 ᠤᠨᠴᠠᠯᠢᠭᠲᠤ ᠪᠠᠯᠭᠠᠰᠤ  ᠶᠢᠨ ᠨᠡᠷᠡᠰ ᠲᠦ ᠵᠢᠬᠰᠠᠭᠠᠬᠳᠠᠪᠠ

2016-10-18 19:17

    ᠰᠢᠨᠬᠤᠸᠠ ᠮᠤᠩᠭ᠋ᠤᠯ ᠨᠧᠲ   ᠬᠦᠬᠡᠬᠤᠲᠠ ᠶᠢᠨ 10 ᠰᠠᠷ᠎ᠠ ᠶᠢᠨ 18 ᠤ ᠡᠲᠦᠷ ᠤᠨ ᠴᠠᠬᠢᠯᠭᠠᠨ ᠮᠡᠲᠡᠭᠡ (ᠬ·ᠦᠵᠡᠰᠭᠦᠯᠡᠩ) ᠤᠯᠤᠰ ᠤᠨ ᠤᠷᠤᠨ ᠰᠠᠭᠤᠴᠠ ᠪᠠ ᠬᠤᠲᠠ ᠬᠦᠲᠡᠭᠡ ᠶᠢᠨ ᠪᠠᠢᠢᠭᠤᠯᠤᠯᠲᠠ ᠶᠢᠨ ᠶᠠᠮᠤᠨ ᠤ ᠰᠡᠭᠦᠯ ᠤᠨ ᠦᠶ᠎ᠠ ᠳ᠋ᠤ ᠨᠡᠢᠢᠲᠡᠯᠡᠭᠰᠡᠨ ᠠᠩᠬᠠᠨ ᠤ ᠡᠭᠡᠯᠵᠢ ᠶᠢᠨ 127 ᠤᠨᠴᠠᠯᠢᠭᠲᠤ ᠪᠠᠯᠭᠠᠰᠤ ᠳ᠋ᠤ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠲᠦᠩᠯᠢᠶᠤᠤ ᠬᠤᠲᠠ ᠶᠢᠨ ᠬᠤᠷᠴᠢᠨ ᠵᠡᠬᠦᠨ ᠭᠠᠷᠤᠨ ᠲᠤᠮᠲᠠᠲᠤ ᠬᠤᠰᠢᠭᠤᠨ ᠤ ᠱᠧᠪᠡᠷᠲᠦ ᠪᠠᠯᠭᠠᠰᠤ᠂ ᠬᠦᠯᠦᠨ ᠪᠤᠢᠢᠷ ᠬᠤᠲᠠ ᠶᠢᠨ ᠡᠷᠭᠦᠨ᠎ᠡ ᠬᠤᠲᠠ ᠶᠢᠨ ᠮᠤᠷᠳᠠᠭ᠎ᠠ ᠪᠠᠯᠭᠠᠰᠤ᠂ ᠤᠯᠠᠭᠠᠬᠠᠨᠲᠠ ᠬᠤᠲᠠ ᠶᠢᠨ ᠨᠢᠩᠴᠧᠩ ᠰᠢᠶᠠᠨ ᠤ ᠪᠠᠷᠬᠠᠨᠲᠤ ᠪᠠᠯᠭᠠᠰᠤ᠂ ᠬᠦᠬᠡᠨᠠᠭᠠᠤᠷ ᠮᠤᠵᠢ ᠶᠢᠨ ᠮᠤᠩᠭ᠋ᠤᠯ ᠦᠨᠳᠦᠰᠦᠲᠡᠨ ᠲᠦᠪᠡᠳ ᠦᠨᠳᠦᠰᠦᠲᠡᠨ ᠤ ᠦᠪᠡᠷᠲᠡᠭᠡᠨ ᠵᠠᠰᠠᠬᠤ ᠵᠸᠦ ᠶᠢᠨ ᠤᠯᠠᠭᠠᠨ ᠰᠢᠶᠠᠨ ᠤ ᠼᠠᠺᠠ ᠪᠠᠯᠭᠠᠰᠤ᠂ ᠰᠢᠨᠵᠢᠶᠠᠩ ᠤᠨ ᠤᠢᠢᠭᠤᠷ ᠤᠨ ᠦᠪᠡᠷᠲᠡᠭᠡᠨ ᠵᠠᠰᠠᠬᠤ ᠤᠷᠤᠨ ᠤ ᠲᠠᠷᠪᠠᠭᠠᠲᠠᠢ ᠠᠢᠢᠮᠠᠭ ᠤᠨ ᠰᠠᠸᠠᠯᠢ ᠰᠢᠶᠠᠨ ᠤ ᠤᠯᠠᠭᠠᠨ ᠤᠰᠤ ᠪᠠᠯᠭᠠᠰᠤ᠂ ᠠᠯᠲᠠᠢ ᠠᠢᠢᠮᠠᠭ ᠤᠨ ᠬᠦᠬᠡᠲᠤᠬᠤᠢ ᠰᠢᠶᠠᠨ ᠤ ᠬᠦᠬᠡᠲᠤᠬᠤᠢ ᠪᠠᠯᠭᠠᠰᠤ ᠵᠢᠭ‍ᠰᠠᠭᠠᠭᠲᠠᠪᠠ᠃

    ᠡᠨᠡ ᠵᠢᠯ ᠤᠨ 7 ᠰᠠᠷ᠎ᠠ ᠶᠢᠨ 20 ᠤ ᠡᠲᠦᠷ᠂ ᠤᠷᠤᠨ ᠰᠠᠭᠤᠴᠠ ᠪᠠ ᠬᠤᠲᠠ ᠬᠦᠲᠡᠭᠡ ᠶᠢᠨ ᠪᠠᠢᠢᠭᠤᠯᠤᠯᠲᠠ ᠶᠢᠨ ᠶᠠᠮᠤᠨ ᠵᠡᠷᠭᠡ ᠭᠤᠷᠪᠠᠨ ᠶᠠᠮᠤᠨ ᠬᠠᠮᠲᠤᠷᠠᠨᠤᠨᠴᠠᠯᠢᠭᠲᠤ ᠪᠠᠯᠭᠠᠰᠤ ᠶᠢ ᠪᠠᠢᠢᠭᠤᠯᠬᠤ ᠠᠵᠢᠯ ᠢ ᠦᠷᠨᠢᠬᠦᠯᠬᠦ ᠲᠤᠬᠠᠢ ᠮᠡᠲᠡᠭᠲᠡᠯ ᠢ ᠨᠡᠢᠢᠲᠡᠯᠡᠵᠦ᠂ 2020 ᠤᠨ ᠪᠤᠯᠲᠠᠯ᠎ᠠ ᠪᠦᠬᠦ ᠤᠯᠤᠰ ᠤᠨ ᠬᠡᠪᠴᠢᠶᠠᠨ ᠳ᠋ᠤ ᠤᠨᠴᠠᠯᠢᠭᠲᠤ ᠪᠠᠯᠭᠠᠰᠤ ᠶᠢ ᠪᠠᠢᠢᠭᠤᠯᠬᠤ ᠠᠵᠢᠯ ᠢ ᠦᠷᠨᠢᠬᠦᠯᠵᠦ᠂ ᠠᠶᠠᠯᠠᠯ ᠵᠢᠭᠤᠯᠴᠢᠯᠠᠯ᠂ ᠠᠷᠠᠯᠵᠢᠶ᠎ᠠ ᠬᠤᠲᠠᠯᠲᠤᠭ᠎ᠠ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠲᠧᠭ᠍᠍ᠨᠤᠯᠤᠬᠢ᠂ ᠰᠤᠶᠤᠯ ᠤᠨ ᠤᠯᠠᠮᠵᠢᠯᠠᠯ᠂ ᠤᠷᠴᠢᠨ ᠲᠤᠭᠤᠷᠢᠨ ᠴᠡᠪᠡᠷ ᠲᠤᠬᠢᠯᠢᠭ᠂ ᠠᠮᠢᠵᠢᠷᠠᠯ ᠤᠨ ᠬᠦᠴᠦᠨ ᠪᠢᠯᠬᠠᠭᠰᠠᠨ ᠤᠨᠴᠠᠯᠢᠭᠲᠤ ᠪᠠᠯᠭᠠᠰᠤ ᠶᠢ ᠪᠠᠢᠢᠭᠤᠯᠤᠨ᠂ ᠪᠦᠬᠦ ᠤᠯᠤᠰ ᠤᠨ ᠬᠤᠲᠠ ᠪᠠᠯᠭᠠᠳ ᠤᠨ ᠪᠠᠢᠢᠭᠤᠯᠤᠯᠲᠠ ᠶᠢ ᠲᠠᠢᠢᠴᠢᠯᠠᠬᠤ ᠪᠤᠯᠤᠨ᠎ᠠ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119742873