蒙古文网站Logo
ᠰᠢᠨᠬᠤᠸᠠ ᠮᠤᠩᠭ᠋ᠤᠯ ᠨᠧᠲ

ᠢᠷᠡᠬᠦ ᠭᠤᠷᠪᠠᠨ ᠬᠤᠨᠤᠭ ᠲᠤ ᠦᠪᠦᠷ ᠮᠤᠩᠭ᠋ᠤᠯ ᠤᠨ ᠬᠡᠰᠡᠭ ᠭᠠᠵᠠᠷ ᠲᠤ ᠲᠤᠮᠲᠠ ᠡᠴᠡ ᠶᠡᠬᠡ ᠴᠠᠰᠤ ᠤᠷᠤᠵᠤ ᠠᠭᠠᠷ ᠤᠨ ᠲᠤᠯᠠᠭᠠᠨ 4 -6 ᠭᠷᠠᠳᠦ᠋ᠰ ᠲᠤᠷᠤᠭᠰᠢᠯᠠᠨ᠎ᠠ

2016-10-18 19:21

    ᠰᠢᠨᠬᠤᠸᠠ ᠮᠤᠩᠭ᠋ᠤᠯ ᠨᠧᠲ    ᠬᠦᠬᠡᠬᠤᠲᠠ ᠶᠢᠨ 10 ᠰᠠᠷ᠎ᠠ ᠶᠢᠨ 18 ᠤ ᠡᠲᠦᠷ ᠤᠨ ᠴᠠᠬᠢᠯᠭᠠᠨ ᠮᠡᠲᠡᠭᠡ ( ᠬ·ᠦᠵᠡᠰᠭᠦᠯᠡᠩ ) ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠬᠤᠷᠢᠶᠠᠨ ᠤ ᠦᠨᠦᠲᠦᠷ ᠤᠨ 9᠄ 30 ᠴᠠᠭ ᠲᠤ ᠤᠷᠢᠳᠴᠢᠯᠠᠨ ᠲᠤᠭᠠᠴᠠᠭᠠᠯᠠᠭᠰᠠᠨ ᠶᠢᠡᠷ᠂ ᠢᠷᠡᠬᠦ ᠭᠤᠷᠪᠠᠨ ᠬᠤᠨᠤᠭ ᠲᠤ ᠬᠦᠯᠦᠨ ᠪᠤᠢᠢᠷ᠂ ᠬᠢᠩᠭ᠋ᠠᠨ ᠤ ᠬᠡᠰᠡᠭ ᠭᠠᠵᠠᠷ ᠲᠤ ᠲᠤᠮᠲᠠ ᠡᠴᠡ ᠶᠡᠬᠡ ᠴᠠᠰᠤ ᠤᠷᠤᠵᠤ᠂ ᠵᠡᠬᠦᠨ ᠪᠠᠷᠠᠭᠤᠨ ᠬᠡᠰᠡᠭ ᠤᠨ ᠠᠭᠠᠷ ᠤᠨ ᠲᠤᠯᠠᠭᠠᠨ 46 ᠭᠷᠠᠳᠦ᠋ᠰ ᠲᠤᠷᠤᠭᠰᠢᠯᠠᠨ᠎ᠠ᠃

    ᠦᠪᠦᠷ ᠮᠤᠩᠭ᠋ᠤᠯ ᠤᠨ ᠢᠷᠡᠬᠦ ᠲᠤᠯᠤᠭᠠᠨ ᠬᠤᠨᠤᠭ ᠤᠨ ᠪᠤᠲᠠᠲᠠᠢ ᠴᠠᠭ ᠠᠭᠠᠷ ᠤᠨ ᠤᠷᠢᠳᠴᠢᠯᠠᠭᠰᠠᠨ ᠮᠡᠲᠡᠭᠡ ᠨᠢ ᠲᠤᠤᠷᠠᠬᠢ ᠮᠡᠲᠦ᠄

    10 ᠰᠠᠷ᠎ᠠ ᠶᠢᠨ 18 ᠤ ᠡᠲᠦᠷ ᠤᠨ 8᠄ 00 ᠴᠠᠭ ᠡᠴᠡ 19 ᠤ ᠡᠲᠦᠷ ᠤᠨ 8᠄ 00 ᠴᠠᠭ ᠪᠤᠯᠲᠠᠯ᠎ᠠ᠂ ᠦᠪᠦᠷ ᠮᠤᠩᠭ᠋ᠤᠯ ᠤᠨ ᠵᠡᠬᠦᠨ ᠬᠤᠢᠢᠲᠤ ᠬᠡᠰᠡᠭ ᠲᠤ ᠡᠭᠦᠯᠡᠰᠢᠵᠦ᠂ ᠪᠠᠭ᠎ᠠ ᠴᠠᠰᠤ ᠤᠷᠤᠨ᠎ᠠ᠃ ᠡᠭᠦᠨ ᠳ᠋ᠤ ᠬᠢᠩᠭ᠋ᠠᠨ ᠤ ᠬᠤᠢᠢᠲᠤ ᠬᠡᠰᠡᠭ᠂ ᠬᠦᠯᠦᠨ ᠪᠤᠢᠢᠷ ᠤᠨ ᠲᠤᠮᠲᠠ ᠬᠡᠰᠡᠭ ᠲᠤ ᠲᠤᠮᠲᠠ ᠵᠡᠷᠭᠡ ᠶᠢᠨ ᠴᠠᠰᠤ ᠤᠷᠤᠨ᠎ᠠ᠂ ᠬᠢᠩᠭ᠋ᠠᠨ ᠤ ᠪᠠᠷᠠᠭᠤᠨ ᠬᠤᠢᠢᠲᠤ ᠬᠡᠰᠡᠭ᠂ ᠬᠦᠯᠦᠨ ᠪᠤᠢᠢᠷ ᠤᠨ ᠡᠮᠦᠨ᠎ᠡ ᠬᠡᠰᠡᠭ ᠲᠤ ᠶᠡᠬᠡ ᠴᠠᠰᠤ ᠤᠷᠤᠨ᠎ᠠ᠂ ᠬᠦᠯᠦᠨ ᠪᠤᠢᠢᠷ ᠤᠨ ᠪᠠᠷᠠᠭᠤᠨ ᠡᠮᠦᠨ᠎ᠡ ᠬᠡᠰᠡᠭ ᠲᠤ ᠴᠠᠰᠤᠨ ᠰᠢᠭᠤᠷᠭ᠎ᠠ ᠰᠢᠭᠤᠷᠤᠨ᠎ᠠ᠃ ᠪᠤᠰᠤᠳ ᠭᠠᠵᠠᠷ ᠲᠤ ᠡᠭᠦᠯᠡᠰᠢᠨ᠎ᠡ᠃

    ᠲᠤᠮᠲᠠ ᠪᠠᠷᠠᠭᠤᠨ ᠬᠡᠰᠡᠭ ᠲᠤ ᠪᠠᠷᠠᠭᠤᠨ ᠡᠴᠡ 45 ᠲᠡᠰ ᠤᠨ ᠰᠠᠯᠬᠢ ᠲᠠᠢ᠂ ᠲᠦᠷ ᠵᠠᠭᠤᠷ᠎ᠠ 56 ᠲᠡᠰ ᠤᠨ ᠰᠠᠯᠬᠢ ᠲᠠᠢ᠂ ᠵᠡᠬᠦᠨ ᠬᠤᠢᠢᠲᠤ ᠬᠡᠰᠡᠭ ᠲᠤ ᠬᠤᠢᠢᠨ᠎ᠡ ᠡᠴᠡ 3 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠡᠮᠦᠨ᠎ᠡ ᠡᠴᠡ 4 ᠲᠡᠰ ᠤᠨ ᠰᠠᠯᠬᠢ ᠲᠠᠢ᠃

    10 ᠰᠠᠷ᠎ᠠ ᠶᠢᠨ 19 ᠤ ᠡᠲᠦᠷ ᠤᠨ 8᠄ 00 ᠴᠠᠭ ᠡᠴᠡ 20 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠪᠠᠷᠠᠭᠤᠨ ᠬᠡᠰᠡᠭ ᠪᠠ ᠵᠡᠬᠦᠨ ᠬᠤᠢᠢᠲᠤ ᠬᠡᠰᠡᠭ ᠲᠤ ᠡᠭᠦᠯᠡ ᠲᠠᠢ᠂ ᠡᠭᠦᠨ ᠳ᠋ᠤ ᠤᠷᠲᠤᠰ ᠤᠨ ᠵᠡᠬᠦᠨ ᠡᠮᠦᠨ᠎ᠡ ᠬᠡᠰᠡᠭ᠂ ᠬᠢᠩᠭ᠋ᠠᠨ ᠤ ᠬᠤᠢᠢᠲᠤ ᠬᠡᠰᠡᠭ᠂ ᠬᠦᠯᠦᠨ ᠪᠤᠢᠢᠷ ᠤᠨ ᠵᠡᠬᠦᠨ ᠡᠮᠦᠨ᠎᠎ᠡ ᠬᠡᠰᠡᠭ ᠲᠤ ᠪᠠᠭ᠎ᠠ ᠪᠤᠷᠤᠭᠠᠨ ᠤᠷᠤᠬᠤ ᠪᠤᠶᠤ ᠪᠤᠷᠤᠭᠠᠨ ᠴᠠᠰᠤ ᠬᠤᠯᠢᠯᠲᠤᠨ ᠤᠷᠤᠨ᠎ᠠ᠃

    ᠲᠤᠮᠲᠠ ᠪᠠᠷᠠᠭᠤᠨ ᠬᠡᠰᠡᠭ ᠲᠤ ᠡᠮᠦᠨ᠎ᠡ ᠡᠴᠡ 45 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠬᠤᠢᠢᠨ᠎ᠠ ᠡᠴᠡ 4 ᠲᠡᠰ ᠤᠨ ᠰᠠᠯᠬᠢ ᠲᠠᠢ᠃ ᠲᠤᠮᠲᠠ ᠵᠡᠬᠦᠨ ᠬᠡᠰᠡᠭ ᠤᠨ ᠠᠭᠠᠷ ᠤᠨ ᠲᠤᠯᠠᠭᠠᠨ 46 ᠭᠷᠠᠳᠦ᠋ᠰ ᠲᠤᠷᠤᠭᠰᠢᠯᠠᠨ᠎ᠡ᠃

    10 ᠰᠠᠷ᠎ᠠ ᠶᠢᠨ 20 ᠤ ᠡᠲᠦᠷ ᠤᠨ 8᠄ 00 ᠴᠠᠭ ᠡᠴᠡ 21 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠲᠤᠮᠲᠠ ᠵᠡᠬᠦᠨ ᠬᠡᠰᠡᠭ ᠲᠤ ᠡᠭᠦᠯᠡᠰᠢᠵᠦ᠂ ᠪᠠᠶᠠᠨᠨᠠᠭᠤᠷ ᠤᠨ ᠵᠡᠬᠦᠨ ᠬᠡᠰᠡᠭ᠂ ᠤᠷᠲᠤᠰ ᠤᠨ ᠲᠤᠮᠲᠠ ᠵᠡᠬᠦᠨ ᠬᠡᠰᠡᠭ᠂ ᠬᠦᠬᠡᠬᠤᠲᠠ᠂ ᠪᠤᠭᠤᠲᠤ᠂ ᠤᠯᠠᠭᠠᠨᠴᠠᠪ ᠲᠤ ᠪᠠᠭ᠎ᠠ ᠪᠤᠷᠤᠭᠠᠨ ᠤᠷᠤᠵᠤ᠂ ᠰᠢᠯᠢ ᠶᠢᠨ ᠭᠤᠤᠯ ᠤᠨ ᠬᠤᠢᠢᠲᠤ ᠬᠡᠰᠡᠭ᠂ ᠬᠢᠩᠭ᠋ᠠᠨ ᠤ ᠬᠤᠢᠢᠲᠤ ᠬᠡᠰᠡᠭ᠂ ᠬᠦᠯᠦᠨ ᠪᠤᠢᠢᠷ ᠲᠤ ᠪᠤᠷᠤᠭᠠᠨ ᠴᠠᠰᠤ ᠬᠤᠯᠢᠯᠲᠤᠨ ᠤᠷᠤᠬᠤ ᠪᠤᠶᠤ ᠪᠠᠭ᠎ᠠ ᠴᠠᠰᠤ ᠤᠷᠤᠨ᠎ᠠ᠂ ᠡᠭᠦᠨ ᠳ᠋ᠤ ᠬᠢᠩᠭ᠋ᠠᠨ ᠤ ᠪᠠᠷᠠᠭᠤᠨ ᠬᠤᠢᠢᠲᠤ ᠬᠡᠰᠡᠭ᠂ ᠬᠦᠯᠦᠨ ᠪᠤᠢᠢᠷ ᠤᠨ ᠲᠤᠮᠲᠠ ᠪᠠᠷᠠᠭᠤᠨ ᠬᠡᠰᠡᠭ ᠲᠤ ᠲᠤᠮᠲᠠ ᠵᠡᠷᠭᠡ ᠶᠢᠨ ᠴᠠᠰᠤ ᠤᠷᠤᠵᠤ᠂ ᠵᠠᠷᠢᠮ ᠭᠠᠵᠠᠷ ᠲᠤᠨᠢ ᠶᠡᠬᠡ ᠴᠠᠰᠤ ᠤᠷᠤᠨ᠎ᠠ᠃ ᠪᠤᠰᠤᠳ ᠭᠠᠵᠠᠷ ᠲᠤ ᠡᠭᠦᠯᠡᠰᠢᠨ᠎ᠡ᠃

    ᠪᠠᠷᠠᠭᠤᠨ ᠬᠡᠰᠡᠭ ᠲᠤ ᠪᠠᠷᠠᠭᠤᠨ ᠡᠴᠡ 45 ᠲᠡᠰ ᠶᠢᠡᠷ ᠰᠠᠯᠬᠢᠯᠠᠵᠤ ᠪᠠᠢᠢᠭᠰᠠᠨ ᠶᠢᠡᠨ ᠪᠠᠷᠠᠭᠤᠨ ᠬᠤᠢᠢᠨ᠎ᠠ ᠡᠴᠡ ᠰᠠᠯᠬᠢᠯᠠᠨ᠎ᠠ᠂ᠲᠦᠷ ᠵᠠᠭᠤᠷ᠎ᠠ 56 ᠲᠡᠰ ᠤᠨ ᠰᠠᠯᠬᠢ ᠲᠠᠢ᠂ ᠲᠤᠮᠲᠠ ᠬᠡᠰᠡᠭ ᠲᠤ ᠪᠠᠷᠠᠭᠤᠨ ᠡᠮᠦᠨ᠎ᠡ ᠡᠴᠡ 45 ᠲᠡᠰ ᠤᠨ ᠰᠠᠯᠬᠢ ᠲᠠᠢ᠂ᠲᠦᠷ ᠵᠠᠭᠤᠷ᠎ᠠ 56 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠵᠡᠬᠦᠨ ᠡᠮᠦᠨ᠎ᠡ ᠡᠴᠡ 34 ᠲᠡᠰ ᠤᠨ ᠰᠠᠯᠬᠢ ᠲᠠᠢ᠃ ᠪᠠᠷᠠᠭᠤᠨ ᠬᠡᠰᠡᠭ ᠤᠨ ᠠᠭᠠᠷ ᠤᠨ ᠲᠤᠯᠠᠭᠠᠨ 46 ᠭᠷᠠᠳᠦ᠋ᠰ ᠲᠤᠷᠤᠭᠰᠢᠯᠠᠨ᠎ᠠ᠃

    10 ᠰᠠᠷ᠎ᠠ ᠶᠢᠨ 21 ᠤ ᠡᠲᠦᠷ ᠤᠨ 8᠄ 00 ᠴᠠᠭ ᠡᠴᠡ 22 ᠤᠨ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠶᠡᠬᠡᠩᠬᠢ ᠭᠠᠵᠠᠷ ᠲᠤ ᠲᠤᠩᠭ᠋ᠠᠯᠠᠭᠰᠢᠨ᠎ᠡ᠃ ᠪᠠᠷᠠᠭᠤᠨ᠂ ᠲᠤᠮᠲᠠ ᠵᠡᠬᠦᠨ ᠬᠡᠰᠡᠭ ᠲᠤ ᠪᠠᠭ᠎ᠠ ᠪᠤᠷᠤᠭᠠᠨ ᠪᠤᠶᠤ ᠪᠤᠷᠤᠭᠠᠨ ᠴᠠᠰᠤ ᠬᠤᠯᠢᠯᠲᠤᠨ ᠤᠷᠤᠬᠤ ᠪᠡ ᠪᠠᠭ᠎ᠠ ᠴᠠᠰᠤ ᠤᠷᠤᠨ᠎ᠠ᠃ ᠡᠭᠦᠨ ᠳ᠋ᠤ ᠤᠷᠲᠤᠰ ᠤᠨ ᠵᠡᠬᠦᠨ ᠬᠤᠢᠢᠲᠤ ᠬᠡᠰᠡᠭ᠂ ᠪᠤᠭᠤᠲᠤ ᠶᠢᠨ ᠡᠮᠦᠨ᠎ᠡ ᠬᠡᠰᠡᠭ᠂ ᠬᠦᠬᠡᠬᠤᠲᠠ᠂ ᠤᠯᠠᠭᠠᠨᠴᠠᠪ ᠤᠨ ᠲᠤᠮᠲᠠ ᠡᠮᠦᠨ᠎ᠡ ᠬᠡᠰᠡᠭ᠂ ᠰᠢᠯᠢ ᠶᠢᠨ ᠭᠤᠤᠯ ᠤᠨ ᠲᠤᠮᠲᠠ ᠡᠮᠦᠨ᠎ᠡ ᠬᠡᠰᠡᠭ᠂ ᠤᠯᠠᠭᠠᠨᠬᠠᠲᠠ᠂ ᠲᠦᠩᠯᠢᠶᠤᠤ᠂ ᠬᠢᠩᠭ᠋ᠠᠨ ᠤ ᠡᠮᠦᠨ᠎ᠡ ᠬᠡᠰᠡᠭ ᠲᠤ ᠲᠤᠮᠲᠠ ᠵᠡᠷᠭᠡ ᠶᠢᠨ ᠪᠤᠷᠤᠭᠠᠨ ᠤᠷᠤᠬᠤ ᠪᠤᠶᠤ ᠪᠤᠷᠤᠭᠠᠨ ᠴᠠᠰᠤ ᠬᠤᠯᠢᠯᠲᠤᠨ ᠤᠷᠤᠨ᠎ᠠ᠃

    ᠪᠠᠷᠠᠭᠤᠨ ᠬᠡᠰᠡᠭ ᠲᠤ 34 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠡᠮᠦᠨ᠎ᠡ ᠡᠴᠡ34 ᠲᠡᠰ ᠤᠨ ᠰᠠᠯᠬᠢ ᠲᠠᠢ᠃ ᠲᠤᠮᠲᠠ ᠵᠡᠬᠦᠨ ᠬᠡᠰᠡᠭ ᠤᠨ ᠠᠭᠠᠷ ᠤᠨ ᠲᠤᠯᠠᠭᠠᠨ 68 ᠭᠷᠠᠳᠦ᠋ᠰ ᠲᠤᠷᠤᠭᠰᠢᠯᠡᠨ᠎ᠡ᠃

    10 ᠰᠠᠷ᠎ᠠ ᠶᠢᠨ 22 ᠤᠨ ᠡᠲᠦᠷ ᠤᠨ 8᠄ 00 ᠴᠠᠭ ᠡᠴᠡ 23 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠪᠠᠷᠠᠭᠤᠨ ᠬᠡᠰᠡᠭ ᠲᠤ ᠲᠤᠩᠭ᠋ᠠᠯᠠᠭᠰᠢᠨ᠎ᠡ᠂ ᠵᠠᠷᠢᠮ ᠭᠠᠵᠠᠷ ᠲᠤᠨᠢ ᠪᠠᠭ᠎ᠠ ᠪᠤᠷᠤᠭᠠᠨ ᠤᠷᠤᠨ᠎ᠠ᠂ ᠲᠤᠮᠲᠠ ᠵᠡᠬᠦᠨ ᠬᠡᠰᠡᠭ ᠲᠤ ᠡᠭᠦᠯᠡ ᠲᠠᠢ᠂ ᠪᠤᠰᠤᠳ ᠭᠠᠵᠠᠷ ᠲᠤ ᠡᠭᠦᠯᠡᠰᠢᠨ᠎ᠡ᠃

    ᠵᠡᠬᠦᠨ ᠬᠤᠢᠢᠲᠤ ᠬᠡᠰᠡᠭ ᠲᠤ ᠪᠠᠷᠠᠭᠤᠨ ᠡᠴᠡ 34 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠵᠡᠬᠦᠨ ᠡᠴᠡ34 ᠲᠡᠰ ᠤᠨ ᠰᠠᠯᠬᠢ ᠲᠠᠢ᠃

    10 ᠰᠠᠷ᠎ᠠ ᠶᠢᠨ 23 ᠤ ᠡᠲᠦᠷ ᠤᠨ 8᠄ 00 ᠴᠠᠭ ᠡᠴᠡ 24 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠵᠡᠬᠦᠨ ᠬᠤᠢᠢᠲᠤ ᠬᠡᠰᠡᠭ ᠲᠤ ᠡᠭᠦᠯᠡᠰᠢᠨ᠎ᠡ᠂ ᠪᠤᠰᠤᠳ ᠭᠠᠵᠠᠷ ᠲᠤ ᠲᠤᠩᠭ᠋ᠠᠯᠠᠭᠰᠢᠨ᠎ᠡ᠂ ᠪᠠᠷᠠᠭᠤᠨ ᠬᠡᠰᠡᠭ ᠲᠤ ᠪᠠᠭ᠎ᠠ ᠪᠤᠷᠤᠭᠠᠨ ᠤᠷᠤᠨ᠎ᠠ᠂ ᠤᠷᠲᠤᠰ᠂ ᠪᠠᠶᠠᠨᠨᠠᠭᠤᠷ ᠤᠨ ᠵᠡᠬᠦᠨ ᠡᠮᠦᠨ᠎ᠡ ᠬᠡᠰᠡᠭ ᠲᠤ ᠲᠤᠮᠲᠠ ᠵᠡᠷᠭᠡ ᠶᠢᠨ ᠪᠤᠷᠤᠭᠠᠨ ᠤᠷᠤᠨ᠎ᠠ᠃

    ᠪᠠᠷᠠᠭᠤᠨ ᠬᠡᠰᠡᠭ ᠲᠤ ᠵᠡᠬᠦᠨ ᠡᠴᠡ 4 ᠲᠡᠰ ᠶᠢᠡᠷ ᠰᠠᠯᠬᠢᠯᠠᠵᠤ ᠪᠠᠢᠢᠭᠰᠠᠨ ᠶᠢᠡᠨ ᠡᠮᠦᠨ᠎ᠡ ᠡᠴᠡ 34 ᠲᠡᠰ ᠶᠢᠡᠷ ᠰᠠᠯᠬᠢᠯᠠᠨ᠎ᠠ᠃ ᠲᠤᠮᠲᠠ ᠬᠡᠰᠡᠭ ᠲᠤ ᠵᠡᠬᠦᠨ ᠡᠴᠡ 3 4 ᠲᠡᠰ ᠶᠢᠡᠷ ᠰᠠᠯᠬᠢᠯᠠᠵᠤ ᠪᠠᠢᠢᠭᠰᠠᠨ ᠶᠢᠡᠨ ᠡᠮᠦᠨ᠎ᠡ ᠡᠴᠡ 4 ᠲᠡᠰ ᠶᠢᠡᠷ ᠰᠠᠯᠬᠢᠯᠠᠨ᠎ᠠ᠂ ᠪᠤᠰᠤᠳ ᠭᠠᠵᠠᠷ ᠲᠤ ᠪᠠᠷᠠᠭᠤᠨ ᠡᠴᠡ 34 ᠲᠡᠰ ᠤᠨ ᠰᠠᠯᠬᠢ ᠲᠠᠢ᠃

    10 ᠰᠠᠷ᠎ᠠ ᠶᠢᠨ 24 ᠤ ᠡᠲᠦᠷ ᠤᠨ 8᠄ 00 ᠴᠠᠭ ᠡᠴᠡ 25 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠶᠡᠬᠡᠩᠬᠢ ᠬᠡᠰᠡᠭ ᠲᠤ ᠲᠤᠩᠭ᠋ᠠᠯᠠᠭᠰᠢᠨ᠎ᠡ᠂ ᠡᠭᠦᠨ ᠳ᠋ᠤ ᠲᠤᠮᠲᠠ ᠪᠠᠷᠠᠭᠤᠨ ᠬᠡᠰᠡᠭ ᠤᠨ ᠵᠠᠷᠢᠮ ᠭᠠᠵᠠᠷ ᠲᠤ ᠪᠠᠭ᠎ᠠ ᠴᠠᠰᠤ ᠤᠷᠤᠨ᠎ᠠ᠂ ᠲᠤᠮᠲᠠ ᠵᠡᠬᠦᠨ ᠬᠡᠰᠡᠭ ᠤᠨ ᠵᠠᠷᠢᠮ ᠭᠠᠵᠠᠷ ᠲᠤ ᠪᠤᠷᠤᠭᠠᠨ ᠴᠠᠰᠤ ᠬᠤᠯᠢᠯᠲᠤᠨ ᠤᠷᠤᠨ᠎ᠠ᠂ ᠵᠡᠬᠦᠨ ᠬᠤᠢᠢᠲᠤ ᠬᠡᠰᠡᠭ ᠲᠤ ᠪᠠᠭ᠎ᠠ ᠴᠠᠰᠤ ᠤᠷᠤᠨ᠎ᠠ᠂ ᠬᠦᠯᠦᠨ ᠪᠤᠢᠢᠷ ᠤᠨ ᠲᠤᠮᠲᠠ ᠪᠠᠷᠠᠭᠤᠨ ᠬᠡᠰᠡᠭ ᠲᠤ ᠲᠤᠮᠲᠠ ᠵᠡᠷᠭᠡ ᠶᠢᠨ ᠴᠠᠰᠤ ᠤᠷᠤᠨ᠎ᠠ᠃

    ᠲᠤᠮᠲᠠ ᠬᠡᠰᠡᠭ ᠲᠤ ᠡᠮᠦᠨ᠎ᠡ ᠡᠴᠡ 45 ᠲᠡᠰ ᠶᠢᠡᠷ ᠰᠠᠯᠬᠢᠯᠠᠵᠤ ᠪᠠᠢᠢᠭᠰᠠᠨ ᠶᠢᠡᠨ ᠪᠠᠷᠠᠭᠤᠨ ᠡᠮᠦᠨ᠎ᠡ ᠡᠴᠡ 34 ᠲᠡᠰ ᠤᠨ ᠰᠠᠯᠬᠢ ᠲᠠᠢ᠃ ᠵᠡᠬᠦᠨ ᠬᠡᠰᠡᠭ ᠲᠤ ᠡᠮᠦᠨ᠎ᠡ ᠡᠴᠡ 34 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠡᠴᠡ 34 ᠲᠡᠰ ᠤᠨ ᠰᠠᠯᠬᠢ ᠲᠠᠢ᠃

    ᠮᠠᠯᠴᠢᠨ ᠲᠠᠷᠢᠶᠠᠴᠢᠳ ᠴᠠᠭ ᠠᠭᠠᠷ ᠤᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠠᠮᠢᠲᠤᠷᠠᠯ ᠦᠢᠯᠡᠳᠪᠦᠷᠢᠯᠡᠯ ᠶᠢᠡᠨ ᠲᠤᠬᠢᠲᠠᠢ ᠲᠤᠬᠢᠷᠠᠭᠤᠯᠬᠤ ᠶᠢ ᠴᠠᠭ ᠠᠭᠠᠷ ᠤᠨ ᠰᠠᠯᠠᠭ᠎ᠠ ᠮᠦᠴᠢᠷ ᠤᠨ ᠬᠢᠨ ᠰᠠᠨᠠᠭᠤᠯᠵᠤ ᠪᠠᠢᠢᠨ᠎ᠠ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119742883