蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ ᠪᠠᠰᠠ ᠨᠢᠭᠡ ᠤᠲᠠᠭᠠᠨ ᠤ ᠬᠦᠢᠲᠡᠨ ᠤᠷᠤᠰᠬᠠᠯ ᠤᠨ ᠨᠦᠯᠦᠭᠡ ᠪᠡᠷ ᠤᠯᠠᠩᠬᠢ ᠭᠠᠵᠠᠷ ᠤᠨ ᠠᠭᠠᠷ ᠤᠨ ᠲᠤᠯᠠᠭᠠᠨ 4 -6 ᠭ᠍ᠷᠠᠳᠦ᠋ᠰ ᠲᠤᠷᠤᠭᠰᠢᠯᠡᠨ᠎ᠡ

2016-11-01 18:46

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 11 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠲᠡᠭᠡ ( ᠬ·ᠦᠵᠡᠰᠭᠦᠯᠡᠩ )ᠦᠪᠦᠷ ᠮᠤᠩᠭ᠋ᠤᠯ ᠤᠨ ᠴᠠᠭ ᠠᠭᠤᠷ ᠤᠨ ᠬᠤᠷᠢᠶᠠᠨ ᠤ 11 ᠰᠠᠷ᠎ᠠ ᠶᠢᠨ 1 ᠤ ᠡᠲᠦᠷ ᠤᠨ 9᠄ 30 ᠴᠠᠭ ᠲᠤ ᠤᠷᠢᠳᠴᠢᠯᠠᠨ ᠲᠤᠭᠠᠴᠠᠭᠠᠯᠠᠭᠰᠠᠨ ᠢ ᠦᠨᠳᠦᠰᠦᠯᠡᠪᠡᠯ᠂ ᠭᠠᠷᠠᠭ ᠤᠨ ᠰᠡᠬᠦᠯᠴᠢ ᠪᠤᠶᠤ ᠢᠷᠡᠬᠦ ᠭᠠᠷᠠᠭ ᠤᠨ ᠡᠬᠢᠨ ᠶᠢᠡᠷ ᠤᠯᠠᠩᠬᠢ ᠭᠠᠵᠠᠷ ᠤᠨ ᠠᠭᠠᠷ ᠤᠨ ᠲᠤᠯᠠᠭᠠᠨ 46 ᠭ᠍ᠷᠠᠳᠦ᠋ᠰ ᠲᠤᠷᠤᠭᠰᠢᠯᠡᠨ᠎ᠡ᠃ ᠪᠤᠲᠠᠲᠠᠢ ᠴᠠᠭ ᠠᠭᠠᠷ ᠤᠨ ᠮᠡᠲᠡᠭᠡ ᠨᠢ ᠲᠤᠤᠷᠠᠬᠢ ᠮᠡᠲᠦ᠄

    11 ᠰᠠᠷ᠎ᠠ ᠶᠢᠨ 1 ᠤ ᠡᠲᠦᠷ ᠤᠨ 8᠄ 00 ᠴᠠᠭ ᠡᠴᠡ 2 ᠤᠨ ᠡᠲᠦᠷ ᠤᠨ 8᠄ 00 ᠴᠠᠭ ᠪᠤᠯᠲᠠᠯ᠎ᠠ ᠬᠦᠬᠡᠬᠤᠲᠠ ᠶᠢᠨ ᠲᠤᠮᠲᠠ ᠡᠮᠦᠨ᠎ᠡ ᠬᠡᠰᠡᠭ᠂ ᠤᠯᠠᠭᠠᠨᠴᠠᠪ ᠤᠨ ᠪᠠᠷᠠᠭᠤᠨ ᠡᠮᠦᠨ᠎ᠡ ᠬᠡᠰᠡᠭ ᠲᠤ ᠡᠭᠦᠯᠡᠰᠢᠵᠦ ᠪᠤᠷᠤᠭᠠᠨ ᠴᠠᠰᠤ ᠬᠤᠯᠢᠯᠲᠤᠨ ᠤᠷᠤᠬᠤ ᠪᠤᠶᠤ ᠪᠠᠭ᠎ᠠ ᠴᠠᠰᠤ ᠤᠷᠤᠨ᠎ᠠ᠂ ᠪᠤᠰᠤᠳ ᠭᠠᠵᠠᠷ ᠲᠤ ᠡᠭᠦᠯᠡ ᠲᠠᠢ᠃

    ᠦᠪᠦᠷ ᠮᠤᠩᠭ᠋ᠤᠯ ᠤᠨ ᠵᠡᠬᠦᠨ ᠬᠡᠰᠡᠭ ᠲᠤ ᠪᠠᠷᠠᠭᠤᠨ ᠬᠤᠢᠢᠨ᠎ᠡ ᠡᠴᠡ 45 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠡᠴᠡ 34 ᠲᠡᠰ ᠤᠨ ᠰᠠᠯᠬᠢ ᠲᠠᠢ᠃

    11 ᠰᠠᠷ᠎ᠠ ᠶᠢᠨ 2 ᠤᠨ ᠡᠲᠦᠷ ᠤᠨ 8᠄ 00 ᠴᠠᠭ ᠡᠴᠡ 3 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠰᠢᠯᠢ ᠶᠢᠨ ᠭᠤᠤᠯ ᠤᠨ ᠵᠡᠬᠦᠨ ᠬᠤᠢᠢᠲᠤ ᠬᠡᠰᠡᠭ᠂ ᠬᠢᠩᠭ᠋ᠠᠨ ᠤ ᠪᠠᠷᠠᠭᠤᠨ ᠬᠤᠢᠢᠲᠤ ᠬᠡᠰᠡᠭ᠂ ᠬᠦᠯᠦᠨ ᠪᠤᠢᠢᠷ ᠤᠨ ᠪᠠᠷᠠᠭᠤᠨ ᠡᠮᠦᠨ᠎ᠡ ᠬᠡᠰᠡᠭ ᠪᠠ ᠵᠡᠬᠦᠨ ᠬᠤᠢᠢᠲᠤ ᠬᠡᠰᠡᠭ ᠲᠤ ᠡᠭᠦᠯᠡᠰᠢᠵᠦ ᠪᠠᠭ᠎ᠠ ᠴᠠᠰᠤ ᠤᠷᠤᠨ᠎ᠠ᠂ ᠪᠤᠰᠤᠳ ᠭᠠᠵᠠᠷ ᠲᠤ ᠡᠭᠦᠯᠡ ᠲᠠᠢ᠃

    ᠪᠠᠷᠠᠭᠤᠨ ᠬᠡᠰᠡᠭ ᠲᠤ ᠪᠠᠷᠠᠭᠤᠨ ᠡᠴᠡ45 ᠲᠡᠰ ᠤᠨ ᠰᠠᠯᠬᠢ ᠲᠠᠢ᠂ ᠵᠡᠬᠦᠨ ᠬᠡᠰᠡᠭ ᠲᠤ ᠪᠠᠷᠠᠭᠤᠨ ᠬᠤᠢᠢᠨ᠎ᠡ ᠡᠴᠡ 34 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠡᠴᠡ 34 ᠲᠡᠰ ᠤᠨ ᠰᠠᠯᠬᠢ ᠲᠠᠢ᠂ ᠵᠡᠬᠦᠨ ᠬᠤᠢᠢᠲᠤ ᠬᠡᠰᠡᠭ ᠤᠨ ᠠᠭᠠᠷ ᠤᠨ ᠲᠤᠯᠠᠭᠠᠨ 4 ᠭᠷᠠᠳᠦ᠋ᠰ ᠤᠷᠴᠢᠮ ᠲᠤᠷᠤᠭᠰᠢᠯᠡᠨ᠎ᠡ᠃

    11 ᠰᠠᠷ᠎ᠠ ᠶᠢᠨ 3 ᠤ ᠡᠲᠦᠷ ᠤᠨ 8᠄ 00 ᠴᠠᠭ ᠡᠴᠡ 4 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠰᠢᠯᠢ ᠶᠢᠨ ᠭᠤᠤᠯ ᠤᠨ ᠵᠡᠬᠦᠨ ᠬᠤᠢᠢᠲᠤ ᠬᠡᠰᠡᠭ᠂ ᠬᠢᠩᠭ᠋ᠠᠨ ᠤ ᠬᠤᠢᠢᠲᠤ ᠬᠡᠰᠡᠭ᠂ ᠬᠦᠯᠦᠨ ᠪᠤᠢᠢᠷ ᠤᠨ ᠪᠠᠷᠠᠭᠤᠨ ᠬᠡᠰᠡᠭ ᠪᠠ ᠡᠮᠦᠨ᠎ᠡ ᠬᠡᠰᠡᠭ ᠲᠤ ᠡᠭᠦᠯᠡᠰᠢᠵᠦ ᠪᠠᠭ᠎ᠠ ᠴᠠᠰᠤ ᠤᠷᠤᠨ᠎ᠠ᠂ ᠪᠤᠰᠤᠳ ᠭᠠᠵᠠᠷ ᠲᠤ ᠡᠭᠦᠯᠡ ᠲᠠᠢ᠃

    ᠲᠤᠮᠲᠠ ᠪᠠᠷᠠᠭᠤᠨ ᠬᠡᠰᠡᠭ ᠲᠤ ᠪᠠᠷᠠᠭᠤᠨ ᠡᠴᠡ 45 ᠲᠡᠰ ᠤᠨ ᠰᠠᠯᠬᠢ ᠲᠠᠢ᠂ ᠵᠡᠬᠦᠨ ᠬᠡᠰᠡᠭ ᠲᠤ ᠪᠠᠷᠠᠭᠤᠨ ᠡᠮᠦᠨ᠎ᠡ ᠡᠴᠡ 45 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠡᠴᠡ 34 ᠲᠡᠰ ᠤᠨ ᠰᠠᠯᠬᠢ ᠲᠠᠢ᠃

    11 ᠰᠠᠷ᠎ᠠ ᠶᠢᠨ 4 ᠤ ᠡᠲᠦᠷ ᠤᠨ 8᠄ 00 ᠴᠠᠭ ᠡᠴᠡ 5 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠵᠡᠬᠦᠨ ᠬᠤᠢᠢᠲᠤ ᠬᠡᠰᠡᠭ ᠲᠤ ᠡᠭᠦᠯᠡᠰᠢᠵᠦ ᠪᠠᠭ᠎ᠠ ᠴᠠᠰᠤ ᠤᠷᠤᠨ᠎᠎ᠠ᠂ ᠪᠤᠰᠤᠳ ᠭᠠᠵᠠᠷ ᠲᠤ ᠡᠭᠦᠯᠡ ᠲᠠᠢ᠃

    ᠵᠡᠬᠦᠨ ᠬᠡᠰᠡᠭ  ᠲᠤ ᠪᠠᠷᠠᠭᠤᠨ ᠡᠮᠦᠨ᠎ᠡ ᠡᠴᠡ 34 ᠲᠡᠰ ᠤᠨ ᠰᠠᠯᠬᠢ ᠲᠠᠢ᠃ ᠲᠤᠮᠲᠠ ᠬᠡᠰᠡᠭ ᠪᠠ ᠵᠡᠬᠦᠨ ᠬᠡᠰᠡᠭ ᠲᠤ ᠪᠠᠷᠠᠭᠤᠨ ᠬᠤᠢᠢᠨ᠎ᠠ ᠡᠴᠡ 4 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠡᠴᠡ 4 ᠲᠡᠰ ᠤᠨ ᠰᠠᠯᠬᠢ ᠲᠠᠢ᠃

    11 ᠰᠠᠷ᠎ᠠ ᠶᠢᠨ 5 ᠤ ᠡᠲᠦᠷ ᠤᠨ 8᠄ 00 ᠴᠠᠭ ᠡᠴᠡ 6 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠵᠡᠬᠦᠨ ᠬᠤᠢᠢᠲᠤ ᠬᠡᠰᠡᠭ ᠲᠤ ᠡᠭᠦᠯᠡᠰᠢᠵᠦ ᠪᠠᠭ᠎ᠠ ᠴᠠᠰᠤ ᠤᠷᠤᠨ᠎ᠠ᠂ ᠪᠤᠰᠤᠳ ᠭᠠᠵᠠᠷ ᠲᠤ ᠡᠭᠦᠯᠡ ᠲᠠᠢ᠃

    ᠲᠤᠮᠲᠠ ᠪᠠᠷᠠᠭᠤᠨ ᠬᠡᠰᠡᠭ ᠲᠤ ᠵᠡᠬᠦᠨ ᠡᠴᠡ 34 ᠲᠡᠰ ᠤᠨ ᠰᠠᠯᠬᠢ ᠲᠠᠢ᠂ ᠪᠤᠰᠤᠳ ᠭᠠᠵᠠᠷ ᠲᠤ ᠪᠠᠷᠠᠭᠤᠨ ᠬᠤᠢᠢᠨ᠎ᠠ ᠡᠴᠡ45 ᠲᠡᠰ ᠤᠨ ᠰᠠᠯᠬᠢ ᠲᠠᠢ᠃ ᠵᠡᠬᠦᠨ ᠬᠡᠰᠡᠭ ᠤᠨ ᠠᠭᠠᠷ ᠤᠨ ᠲᠤᠯᠠᠭᠠᠨ 46 ᠭᠷᠠᠳᠦ᠋ᠰ ᠲᠤᠷᠤᠭᠰᠢᠯᠡᠨ᠎ᠡ᠃

    11 ᠰᠠᠷ᠎ᠠ ᠶᠢᠨ 6 ᠤ ᠡᠲᠦᠷ 8᠄ 00 ᠴᠠᠭ ᠡᠴᠡ 7 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠲᠤᠮᠲᠠ᠂ ᠵᠡᠬᠦᠨ ᠬᠡᠰᠡᠭ ᠲᠤ ᠡᠭᠦᠯᠡᠰᠢᠵᠦ ᠪᠠᠭ᠎ᠠ ᠪᠤᠷᠤᠭᠠᠨ ᠪᠤᠶᠤ ᠪᠤᠷᠤᠭᠠᠨ ᠴᠠᠰᠤ ᠬᠤᠯᠢᠯᠲᠤᠨ ᠤᠷᠤᠨ᠎ᠠ᠂ ᠪᠤᠰᠤᠳ ᠭᠠᠵᠠᠷ ᠲᠤ ᠡᠭᠦᠯᠡ ᠲᠠᠢ᠃

    ᠲᠤᠮᠲᠠ ᠵᠡᠬᠦᠨ ᠬᠡᠰᠡᠭ ᠲᠤ ᠪᠠᠷᠠᠭᠤᠨ ᠬᠤᠢᠢᠨ᠎ᠠ ᠡᠴᠡ 34 ᠲᠡᠰ ᠶᠢᠡᠷ ᠰᠠᠯᠬᠢᠯᠠᠵᠤ ᠪᠠᠢᠢᠭᠰᠠᠨ ᠶᠢᠡᠨ ᠪᠠᠷᠠᠭᠤᠨ ᠡᠮᠦᠨ᠎ᠡ ᠡᠴᠡ ᠰᠠᠯᠬᠢᠯᠠᠨ᠎ᠠ᠂ ᠪᠤᠰᠤᠳ ᠭᠠᠵᠠᠷ ᠲᠤ ᠪᠠᠷᠠᠭᠤᠨ ᠬᠤᠢᠢᠨ᠎ᠡ ᠡᠴᠡ 4 ᠲᠡᠰ ᠤᠨ ᠰᠠᠯᠬᠢ ᠲᠠᠢ᠃ ᠪᠠᠷᠠᠭᠤᠨ ᠬᠡᠰᠡᠭ ᠤᠨ ᠠᠭᠠᠷ ᠤᠨ ᠲᠤᠯᠠᠭᠠᠨ 46 ᠭ᠍ᠷᠠᠳᠦ᠋ᠰ ᠲᠤᠷᠤᠭᠰᠢᠯᠡᠨ᠎ᠡ᠃

    11 ᠰᠠᠷ᠎ᠠ ᠶᠢᠨ 7 ᠤ ᠡᠲᠦᠷ ᠤᠨ 8᠄ 00 ᠴᠠᠭ ᠡᠴᠡ 8 ᠤ ᠡᠲᠦᠷ ᠤᠨ 8᠄ 00 ᠴᠠᠭ ᠪᠤᠯᠲᠠᠯ᠎ᠠ᠂ ᠦᠪᠦᠷ ᠮᠤᠩᠭ᠋ᠤᠯ ᠤᠨ ᠵᠡᠬᠦᠨ ᠬᠡᠰᠡᠭ ᠲᠤ ᠡᠭᠦᠯᠡᠰᠢᠵᠦ ᠪᠠᠭ᠎ᠠ ᠴᠠᠰᠤ ᠪᠤᠶᠤ ᠴᠠᠰᠤ ᠪᠤᠷᠤᠭᠠᠨ ᠬᠤᠯᠢᠯᠲᠤᠨ ᠤᠷᠤᠨ᠎ᠠ᠃

    ᠲᠤᠮᠲᠠ ᠵᠡᠬᠦᠨ ᠬᠡᠰᠡᠭ ᠲᠤ ᠪᠠᠷᠠᠭᠤᠨ ᠡᠮᠦᠨ᠎ᠡ ᠡᠴᠡ 34 ᠲᠡᠰ ᠶᠢᠡᠷ ᠰᠠᠯᠬᠢᠯᠠᠵᠤ ᠪᠠᠢᠢᠭᠰᠠᠨ ᠶᠢᠡᠨ ᠬᠤᠢᠢᠨ᠎ᠠ ᠡᠴᠡ 45 ᠲᠡᠰ ᠶᠢᠡᠷ ᠰᠠᠯᠬᠢᠯᠠᠨ᠎ᠠ᠃ ᠲᠤᠮᠲᠠ ᠵᠡᠬᠦᠨ ᠬᠡᠰᠡᠭ ᠤᠨ ᠠᠭᠠᠷ ᠤᠨ ᠲᠤᠯᠠᠭᠠᠨ 46 ᠭ᠍ᠷᠠᠳᠦ᠋ᠰ ᠲᠤᠷᠤᠭᠰᠢᠯᠡᠨ᠎ᠡ᠃       

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119830708