蒙古文网站Logo
ᠰᠢᠨᠬᠤᠸᠠ ᠮᠤᠩᠭ᠋ᠤᠯ ᠨᠧᠲ

ᠨᠤᠲᠤᠭ ᠪᠡᠯᠴᠢᠭᠡᠷ ᠬᠠᠦᠯᠢ ᠪᠤᠰᠤ ᠪᠡᠷ ᠬᠠᠭᠠᠯᠪᠤᠷᠢᠯᠠᠭᠲᠠᠭᠰᠠᠨ ᠡᠴᠡ ᠭᠢᠷᠢᠨ ᠮᠤᠵᠢ ᠶᠢᠨ ᠲᠤᠤ ᠨᠠᠨ ᠬᠤᠲᠠ ᠶᠢᠨ ᠮᠠᠯ ᠲᠠᠷᠢᠶᠠᠯᠠᠩ ᠤᠨ ᠬᠠᠮᠢᠶᠠᠷᠤᠯᠲᠠ ᠶᠢᠨ ᠲᠤᠪᠴᠢᠶ᠎ᠠ ᠵᠠᠭᠠᠯᠲᠤᠭᠲᠠᠪᠠ

2016-11-16 11:31

    ᠰᠢᠨᠬᠤᠸᠠ ᠬᠤᠷᠢᠶ᠎ᠠ   ᠴᠠᠩᠴᠦ᠋ᠨ ᠤ 11 ᠰᠠᠷ᠎ᠠ ᠶᠢᠨ 8 ᠤ ᠡᠲᠦᠷ ᠤᠨ ᠲᠤᠰᠬᠠᠢ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠸᠦ ᠯᠢ ᠴᠢᠤᠸᠠᠨ ) ᠰᠡᠭᠦᠯ ᠤᠨ ᠦᠶ᠎ᠠ ᠳ᠋ᠤ᠂ ᠭᠢᠷᠢᠨ ᠮᠤᠵᠢ ᠶᠢᠨ ᠲᠤᠤ ᠨᠠᠨ ᠬᠤᠲᠠ ᠶᠢᠨ ᠮᠠᠯ ᠲᠠᠷᠢᠶᠠᠯᠠᠩ ᠤᠨ ᠬᠠᠮᠢᠶᠠᠷᠤᠯᠲᠠ ᠶᠢᠨ ᠲᠤᠪᠴᠢᠶ᠎ᠠ ᠨᠤᠲᠤᠭ ᠪᠡᠯᠴᠢᠭᠡᠷ ᠢ ᠪᠦᠲᠦᠮᠵᠢᠲᠡᠢ ᠬᠠᠮᠠᠭᠠᠯᠠᠭᠰᠠᠨ ᠦᠭᠡᠢ ᠡᠴᠡ ᠪᠤᠯᠵᠤ᠂ ᠲᠤᠤ ᠨᠠᠨ ᠬᠤᠲᠠ ᠶᠢᠨ ᠪᠠᠢᠢᠴᠠᠭᠠᠬᠤ ᠬᠤᠷᠢᠶ᠎ᠠ ᠡᠴᠡ ᠲᠤᠤ ᠨᠠᠨ ᠬᠤᠲᠠ ᠶᠢᠨ ᠠᠷᠠᠳ ᠤᠨ ᠰᠢᠬᠦᠬᠦ ᠬᠤᠷᠢᠶ᠎ᠠ ᠳ᠋ᠤ ᠬᠠᠦᠯᠢ ᠶᠤᠰᠤᠭᠠᠷ ᠵᠠᠭᠠᠯᠲᠤᠯᠭ᠎ᠠ ᠬᠢᠭ᠍ᠰᠡᠨ ᠪᠠᠢᠢᠨ᠎ᠠ᠃

    ᠰᠤᠷᠪᠤᠯᠵᠢᠯᠠᠭᠴᠢ ᠭᠢᠷᠢᠨ ᠮᠤᠵᠢ ᠶᠢᠨ ᠠᠷᠠᠳ ᠤᠨ ᠪᠠᠢᠢᠴᠠᠭᠠᠬᠤ ᠬᠤᠷᠢᠶ᠎ᠠ ᠡᠴᠡ ᠤᠢᠢᠯᠠᠭᠠᠭᠰᠠᠨ ᠶᠢᠡᠷ᠂ ᠲᠤᠤ ᠨᠠᠨ ᠬᠤᠲᠠ ᠶᠢᠨ ᠠᠨ ᠳ᠋ᠢᠩ ᠪᠠᠯᠭᠠᠰᠤᠨ ᠤ ᠰᠢᠩ ᠸᠠᠩ ᠲᠤᠰᠬᠤᠨ ᠤ ᠠᠷᠠᠳ ᠰᠦᠨ ᠤᠪᠤᠭᠲᠤ ᠶᠢᠨ ᠡᠴᠢᠭᠡ ( ᠨᠢᠭᠡᠨᠲᠡ ᠨᠠᠰᠤ ᠪᠠᠷᠠᠵᠠᠢ) ᠰᠢᠩ ᠸᠠᠩ ᠲᠤᠰᠬᠤᠨ ᠲᠠᠢ ᠨᠤᠲᠤᠭ ᠪᠡᠯᠴᠢᠭᠡᠷ ᠲᠠᠭᠠᠭᠠᠴᠢᠯᠠᠬᠤ ᠬᠡᠯᠡᠯᠴᠡᠭᠡᠷ ᠲᠤᠭᠲᠠᠵᠤ᠂ 225 ᠮᠦ ᠨᠤᠲᠤᠭ ᠪᠡᠯᠴᠢᠭᠡᠷ ᠢ ᠲᠠᠭᠠᠭᠠᠴᠢᠯᠠᠪᠠ᠃ 2012 ᠤᠨ ᠤ ᠵᠤᠨ᠂ ᠰᠦᠨ ᠤᠪᠤᠭᠲᠤ ᠶᠢᠨ ᠡᠴᠢᠭᠡ ᠲᠠᠭᠠᠭᠠᠴᠢᠯᠠᠭᠰᠠᠨ ᠨᠤᠲᠤᠭ ᠪᠡᠯᠴᠢᠭᠡᠷ ᠡᠴᠡ ᠪᠠᠨ 96.7 ᠮᠦ ᠶᠢ ᠬᠠᠦᠯᠢ ᠪᠤᠰᠤ ᠪᠡᠷ ᠬᠠᠭᠠᠯᠪᠤᠷᠢᠯᠠᠭᠠᠳ ᠲᠤᠰᠬᠤᠨ ᠤ ᠪᠠᠨ ᠪᠤᠰᠤᠳ ᠬᠦᠮᠦᠨ ᠳ᠋ᠤ ᠲᠠᠭᠠᠭᠠᠴᠢᠯᠠᠭᠤᠯᠵᠤ ᠲᠠᠷᠢᠮᠠᠯ ᠲᠠᠷᠢᠭᠤᠯᠪᠠ᠃

    2015 ᠤᠨ ᠤ 5 ᠰᠠᠷ᠎ᠠ ᠳᠤ᠂ ᠲᠤᠤ ᠨᠠᠨ ᠬᠤᠲᠠ ᠶᠢᠨ ᠮᠠᠯ ᠠᠵᠤ ᠠᠬᠤᠢ ᠶᠢᠨ ᠬᠠᠮᠢᠶᠠᠷᠤᠯᠲᠠ ᠶᠢᠨ ᠲᠤᠪᠴᠢᠶ᠎ᠠ ᠰᠦᠨ ᠤᠪᠤᠭᠲᠤ ᠳ᠋ᠤ ᠵᠠᠷᠯᠢᠭᠲᠠᠨ ᠵᠠᠯᠠᠷᠠᠭᠤᠯᠬᠤ ᠮᠡᠲᠡᠭᠲᠡᠯ ᠤᠨ ᠪᠢᠴᠢᠭ᠌ ᠦᠭᠴᠦ᠂ ᠲᠡᠭᠦᠨ ᠢ ᠬᠠᠦᠯᠢ ᠶᠢ ᠵᠦᠷᠢᠴᠡᠭᠰᠡᠨ ᠠᠵᠢᠯᠯᠠᠭ᠎ᠠ ᠪᠠᠨ ᠵᠤᠭᠰᠤᠭᠠᠵᠤ᠂ 7 ᠡᠲᠦᠷ ᠤᠨ ᠲᠤᠲᠤᠷ᠎ᠠ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠬᠡᠷᠡᠭᠲᠡᠢ ᠭᠡᠵᠦ ᠵᠠᠷᠯᠢᠭᠲᠠᠪᠠ᠃ ᠭᠡᠪᠡᠴᠦ ᠰᠦᠨ ᠤᠪᠤᠭᠲᠤ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠭ᠍ᠰᠡᠨ ᠦᠭᠡᠢ ᠮᠦᠷᠳᠡᠭᠡᠨ 2015 ᠤᠨ᠂ 2016 ᠤᠨ ᠳ᠋ᠤ ᠦᠷᠭᠦᠯᠵᠢᠯᠡᠨ ᠲᠠᠷᠢᠮᠠᠯ ᠲᠠᠷᠢᠵᠤ ᠠᠮᠢ ᠠᠬᠤᠢ ᠶᠢᠨ ᠡᠬᠢ ᠪᠠᠶᠠᠯᠢᠭ ᠢ ᠬᠦᠨᠳᠦ ᠨᠤᠴᠢᠲᠠᠢ ᠡᠪᠲᠡᠭᠰᠡᠨ ᠪᠠᠢᠢᠨ᠎ᠠ᠃

    ᠲᠤᠤ ᠨᠠᠨ ᠬᠤᠲᠠ ᠶᠢᠨ ᠪᠠᠢᠢᠴᠠᠭᠠᠬᠤ ᠬᠤᠷᠢᠶ᠎ᠠ 2016 ᠤᠨ ᠤ 8 ᠰᠠᠷ᠎ᠠ ᠳ᠋ᠤ ᠲᠤᠤ ᠨᠠᠨ ᠬᠤᠲᠠ ᠶᠢᠨ ᠮᠠᠯ ᠲᠠᠷᠢᠶᠠᠯᠠᠩ ᠤᠨ ᠬᠠᠮᠢᠶᠠᠷᠤᠯᠲᠠ ᠶᠢᠨ ᠲᠤᠪᠴᠢᠶ᠎ᠠ ᠳ᠋ᠤ ᠪᠠᠢᠢᠴᠠᠭᠠᠬᠤ ᠰᠠᠨᠠᠭᠤᠯᠭ᠎ᠠ ᠭᠠᠷᠭᠠᠵᠤ᠂ ᠪᠦᠲᠦᠮᠵᠢᠲᠡᠢ ᠠᠷᠭ᠎ᠠ ᠬᠡᠮᠵᠢᠶ᠎ᠠ ᠠᠪᠴᠤ᠂ ᠰᠦᠨ ᠤᠪᠤᠭᠲᠤ ᠶᠢᠨ ᠡᠪᠲᠡᠭᠰᠡᠨ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠬᠦᠭᠡᠬᠦ ᠶᠢ ᠰᠠᠨᠠᠭᠤᠯᠤᠭᠰᠠᠨ ᠪᠤᠯᠪᠠᠴᠦ ᠲᠤᠰ ᠲᠤᠪᠴᠢᠶ᠎ᠠ ᠬᠠᠷᠢᠭᠤ ᠮᠡᠲᠡᠭᠲᠡᠭᠰᠡᠨ ᠦᠭᠡᠢ᠃ ᠲᠡᠷᠡ ᠮᠦᠷᠲᠡᠭᠡᠨ ᠲᠤᠤ ᠨᠠᠨ ᠬᠤᠲᠠ ᠶᠢᠨ ᠮᠠᠯ ᠠᠵᠤ ᠠᠬᠤᠢ ᠶᠢᠨ ᠬᠠᠮᠢᠶᠠᠷᠤᠯᠲᠠ ᠶᠢᠨ ᠲᠤᠪᠴᠢᠶ᠎ᠠ ᠤᠲᠤ ᠪᠤᠯᠲᠠᠯ᠎ᠠ ᠶᠠᠮᠠᠷᠴᠦ ᠠᠷᠭ᠎ᠠ ᠬᠡᠮᠵᠢᠶ᠎ᠠ ᠠᠪᠤᠭᠰᠠᠨ ᠦᠭᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119923442