蒙古文网站Logo
ᠰᠢᠨᠬᠤᠸᠠ ᠮᠤᠩᠭ᠋ᠤᠯ ᠨᠧᠲ

ᠰᠢᠨᠵᠢᠶᠠᠩ ᠤᠨ ᠠᠯᠳᠠᠢ ᠳᠤ ᠶᠡᠬᠡ ᠴᠠᠰᠤ ᠤᠷᠤᠵᠦ ᠵᠡᠭᠡᠯᠢ ᠳᠡᠭᠡᠷᠡᠬᠢ ᠮᠠᠰᠢᠨ ᠨᠤᠭᠤᠳ ᠴᠠᠰᠤᠨ ᠳᠤ ᠳᠠᠷᠤᠬᠳᠠᠵᠠᠢ

2016-11-16 16:41

    11 ᠰᠠᠷ᠎ᠠ ᠶᠢᠨ 9 ᠤ᠋ ᠡᠳᠦᠷ ᠡᠴᠡ 15 ᠤ᠋ ᠡᠳᠦᠷ ᠪᠤᠯᠲᠠᠯ᠎ᠠ᠂ ᠰᠢᠨᠵᠢᠶᠠᠩ ᠤᠨ ᠠᠯᠳᠠᠢ ᠤᠷᠤᠨ ᠳᠤ ᠦᠷᠭᠦᠯᠵᠢᠯᠡᠨ ᠶᠡᠬᠡ ᠴᠠᠰᠤ ᠤᠷᠤᠵᠦ᠂ ᠠᠯᠲᠠᠢ ᠬᠤᠲᠠ᠂ ᠪᠤᠤᠷᠵᠢᠨ ᠰᠢᠶᠠᠨ᠂ ᠴᠢᠩᠭᠢᠯ ᠰᠢᠶᠠᠨ᠂ ᠬᠦᠬᠡᠲᠤᠬᠤᠢ ᠰᠢᠶᠠᠨ ᠵᠡᠷᠭᠡ ᠭᠠᠵᠠᠷ ᠲᠡᠬᠢ ᠴᠠᠰᠤᠨ ᠤ ᠬᠦᠨ 25-34 ᠰᠡᠨᠲ᠋ᠢᠮᠧᠲ᠋ᠷ ᠬᠦᠷᠴᠦ᠂ ᠠᠭᠤᠯᠠᠷᠬᠠᠬ ᠤᠷᠤᠨ ᠤ ᠴᠠᠰᠤᠨ ᠤ ᠭᠦᠨ 50-110 ᠰᠡᠨᠲ᠋ᠢᠮᠧᠲ᠋ᠷ ᠬᠦᠷᠴᠡᠢ᠃ ᠲᠤᠬᠠᠢ ᠶᠢᠨ ᠤᠷᠤᠨ ᠤ ᠵᠠᠮ ᠬᠠᠷᠢᠯᠴᠠᠭᠠᠨ ᠤ ᠰᠠᠯᠪᠤᠷᠢ 24 ᠴᠠᠬ ᠤᠨ ᠲᠤᠷᠰᠢ ᠲᠠᠰᠤᠷᠠᠯᠲᠠ ᠦᠭᠡᠢ ᠠᠵᠢᠯᠯᠠᠵᠦ᠂ ᠬᠤᠷᠠᠬᠰᠠᠨ ᠴᠠᠰᠤ ᠵᠢ ᠠᠷᠢᠯᠭᠠᠨ ᠴᠡᠪᠡᠷᠯᠡᠪᠡ᠃ ᠶᠡᠬᠡ ᠴᠠᠰᠤᠨ ᠤ ᠨᠦᠯᠦᠭᠡᠯᠡᠯ ᠢᠶᠡᠷ᠂ ᠠᠯᠲᠠᠢ ᠨᠢᠰᠭᠡᠯ ᠤᠨ ᠪᠠᠭᠤᠳᠠᠯ ᠤᠨ ᠬᠦᠶᠦᠯᠲᠡ ᠶᠢᠨ ᠱᠤᠭᠤᠮ ᠬᠠᠭᠠᠬᠳᠠᠵᠦ᠂ ᠠᠯᠳᠠᠢ ᠡᠴᠡ ᠦᠷᠦᠮᠴᠢ ᠳᠤ ᠬᠦᠷᠬᠦ ᠨᠢᠰᠦᠯᠭᠡ ᠵᠢ ᠵᠤᠬᠰᠤᠭᠠᠪᠠ᠃

    ᠭᠠᠮᠰᠢᠬ ᠡᠭᠦᠰᠬᠦ ᠵᠢ ᠰᠡᠷᠭᠡᠶᠢᠯᠡᠬᠦ ᠶᠢᠨ ᠲᠦᠯᠦᠭᠡ᠂ 15 ᠤ᠋ ᠡᠳᠦᠷ ᠠᠯᠲᠠᠢ ᠶᠢᠨ ᠴᠠᠬ ᠠᠭᠤᠷ ᠤᠨ ᠬᠤᠷᠢᠶ᠎ᠠ ᠡᠴᠡ ᠠᠷᠠᠳ ᠤᠨ ᠶᠠᠪᠤᠳᠠᠯ᠂ ᠲᠠᠷᠢᠶᠠᠯᠠᠩ᠂ ᠮᠠᠯᠵᠢᠯ᠂ ᠤᠯᠤᠰ ᠤᠨ ᠭᠠᠵᠠᠷ ᠰᠢᠷᠤᠢ ᠪᠠ ᠠᠶᠠᠯᠠᠯ ᠵᠢᠭᠤᠯᠴᠢᠯᠠᠯ ᠤᠨ ᠰᠠᠯᠪᠤᠷᠢ ᠶᠢᠨ ᠬᠢᠨ ᠲᠠᠢ ᠬᠤᠷᠠᠯ ᠬᠤᠷᠠᠯᠳᠤᠭᠤᠯᠵᠦ᠂ ᠬᠦᠬᠡ ᠦᠩᠭᠡ ᠶᠢᠨ ᠰᠡᠷᠡᠮᠵᠢ ᠶᠢᠨ ᠲᠤᠬᠢᠶ᠎ᠠ ᠵᠢ ᠰᠢᠷ᠎ᠠ ᠦᠩᠭᠡ ᠶᠢᠨ ᠲᠤᠬᠢᠶ᠎ᠠ ᠪᠤᠯᠭᠠᠬᠰᠠᠨ ᠪᠠᠶᠢᠨ᠎ᠠ᠃

    ᠠᠯᠲᠠᠢ ᠶᠢᠨ ᠴᠠᠬ ᠠᠭᠤᠷ ᠤᠨ ᠬᠤᠷᠢᠶᠠᠨ ᠤ ᠳᠡ᠋ᠳ᠋ ᠳᠠᠷᠤᠭ᠎ᠠ ᠴᠢ ᠭᠦᠢ ᠶᠢᠩ  ᠤᠨ ᠶᠠᠷᠢᠬᠰᠠᠨ ᠢᠶᠡᠷ᠂ ᠠᠯᠲᠠᠢ ᠬᠤᠲᠠ ᠪᠤᠯᠤᠨ ᠵᠡᠭᠦᠨ ᠪᠦᠰᠡ ᠶᠢᠨ ᠡᠯ᠎ᠡ ᠰᠢᠶᠠᠨ ᠳᠤ 16 ᠤ᠋ ᠡᠳᠦᠷ ᠪᠤᠯᠲᠠᠯ᠎ᠠ ᠦᠷᠭᠦᠯᠵᠢᠯᠡᠨ ᠶᠡᠬᠡ ᠴᠠᠰᠤ ᠤᠷᠤᠵᠦ᠂ ᠵᠠᠰᠠᠮᠠᠯ ᠵᠠᠮ᠂ ᠲᠡᠮᠦᠷ ᠵᠠᠮ᠂ ᠢᠷᠭᠡᠨ ᠤ ᠠᠭᠠᠷ ᠠᠶᠠᠯᠠᠯ ᠪᠤᠯᠤᠨ ᠮᠠᠯᠵᠢᠯ ᠦᠢᠯᠡᠳᠪᠤᠷᠢᠯᠡᠯ ᠳᠤ ᠮᠠᠰᠢ ᠶᠡᠬᠡ ᠰᠦᠷᠭᠡᠦ ᠨᠦᠯᠦᠭᠡ ᠠᠪᠴᠢᠷᠠᠨ᠎ᠠ᠃

    ᠤᠶᠢᠯᠠᠭᠠᠬᠰᠠᠨ ᠢᠶᠡᠷ᠂ ᠠᠯᠲᠢ ᠳᠤ ᠶᠡᠬᠡ ᠴᠠᠰᠤ ᠤᠷᠤᠬᠰᠠᠨ ᠤ ᠬᠤᠶᠢᠨ᠎ᠠ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠰᠢᠰᠲ᠋ᠧᠮ᠂ ᠠᠯᠳᠠᠢ ᠶᠢᠨ ᠵᠠᠭᠠᠬ ᠲᠤᠳᠤᠷᠠᠬᠢ ᠵᠠᠰᠠᠮᠠᠯ ᠵᠠᠮ ᠳᠠᠭᠠᠤ ᠠᠪᠤᠷᠠᠨ ᠲᠤᠰᠠᠯᠠᠬᠤ ᠪᠡᠷ 88 ᠬᠦᠮᠦᠨ(ᠳᠠᠪᠬᠤᠷᠳᠠᠬᠰᠠᠨ ᠲᠤᠭ᠎ᠠ) ᠲᠤᠮᠢᠯᠠᠵᠦ᠂ 50.57 ᠲᠦᠮᠡᠨ ᠺᠦᠸᠠᠳ᠋ ᠮᠧᠲ᠋ᠷ ᠬᠤᠷᠠᠮᠠᠯ ᠴᠠᠰᠤ ᠵᠢ ᠴᠡᠪᠡᠷᠯᠡᠨ᠂ 38 ᠠᠪᠤᠷᠠᠨ ᠲᠤᠰᠠᠯᠠᠬᠤ ᠮᠠᠰᠢᠨ ᠲᠤᠮᠢᠯᠠᠵᠦ᠂ 175 ᠬᠦᠮᠦᠨ ᠳᠤ ᠲᠤᠰᠠᠯᠠᠮᠵᠢ ᠬᠦᠷᠲᠡᠭᠡᠭ᠍ᠰᠡᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119925674